ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠵᠦ ᠦᠷᠭᠡᠨ ᠤᠯᠠᠨ ᠰᠠᠭᠤᠭᠠᠯᠢ ᠠᠷᠡᠳ ᠲᠤ ᠲᠦᠭᠦᠮ ᠦᠵᠡᠭᠦᠯᠭᠦ ᠶᠢᠨ | ᠲᠥᠯᠥᠭᠡ ᠭᠠᠯᠠᠭᠤᠲᠤ ᠪᠠᠯᠭᠠᠰᠤ ᠥᠪᠡᠷᠮᠢᠴᠡ ᠣᠨᠴᠠᠯᠢᠭ ᠲᠠᠢ ᠨᠡᠶᠢᠭᠡᠮ ᠲᠣᠭᠤᠷᠢᠭ ᠤᠨ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠺᠣᠳ᠋ ᠭᠠᠷᠭᠠᠵᠤ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠲᠤ ᠳᠥᠭᠦᠮ ᠦᠵᠡᠬᠦᠯᠵᠦ ᠪᠠᠶᠢᠨ᠎ᠠ᠃ | ᠰᠠᠭᠤᠭᠠᠯᠢ ᠠᠷᠠᠳ ᠯᠤᠪᠰᠡᠩ ᠭᠠᠷ ᠤᠲᠠᠰᠤ ᠪᠠᠷ ︽ᠨᠡᠶᠢᠭᠡᠮ ᠲᠣᠭᠤᠷᠢᠭ ᠤᠨ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠺᠣᠳ᠋︾ ᠢ ᠰᠢᠷᠪᠢᠵᠦ᠂ | ᠲᠦᠭᠡᠭᠡᠯ ᠤᠰᠤᠨ ᠤ ᠬᠤᠭᠤᠯᠠᠢ ᠵᠠᠰᠠᠬᠤ ᠬᠦᠮᠦᠨ ᠤ ᠬᠠᠷᠢᠯᠴᠠᠬᠤ ᠤᠲᠠᠰᠤ ᠶᠢ ᠡᠷᠢᠵᠦ ᠪᠠᠶᠢᠯ᠎ᠠ᠃ ᠡᠨᠡ ᠬᠦ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠺᠣᠳ᠋ ᠨᠢ | ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠠᠭᠤᠭᠠᠯᠢ ᠠᠷᠠᠳ ᠲᠤ ᠨᠢᠭᠡ ᠦᠷᠳᠡᠭᠡᠴᠢᠯᠡᠭᠰᠡᠨ | ᠦᠢᠯᠡᠴᠢᠯᠡᠭᠡ ᠶᠢ ᠬᠦᠷᠲᠡᠭᠡᠵᠦ ᠪᠠᠶᠢᠨ᠎ᠠ᠃ | ᠳᠤᠭᠤᠶᠢᠯᠠᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠤᠪᠰᠡᠩ᠄ ︽ᠮᠢᠨᠦ ᠦᠵᠡᠬᠦ ᠪᠠᠷ ᠭᠠᠯᠠᠭᠤᠲᠤ ᠪᠠᠯᠭᠠᠰᠤᠨ ᠤ ᠬᠠᠮᠲᠤ ᠪᠠᠷ ᠡᠳ᠋ᠯᠡᠬᠦ | ᠦᠢᠯᠡᠴᠢᠯᠡᠭᠡᠨ ᠤ ᠺᠣᠳ᠋ ᠨᠢ ᠮᠠᠰᠢ ᠳᠥᠭᠦᠮ ᠳᠥᠲᠡ ᠪᠠᠶᠢᠵᠤ ᠵᠥᠪᠬᠡᠨ ᠺᠣᠳ᠋ ᠢ ᠰᠢᠷᠪᠢᠪᠡᠯ ᠨᠡᠶᠢᠭᠡᠮ ᠲᠣᠭᠤᠷᠢᠭ᠂ ᠠᠳᠠᠯ ᠠᠬᠤᠶ᠂ ᠠᠷᠠᠳ ᠤᠨ ᠴᠠᠭᠳᠠᠭ᠎ᠠ᠂ | ᠤᠰᠤ ᠴᠠᠬᠢᠯᠭᠠᠨ᠂ ᠳᠤᠯᠠᠭᠠᠯᠠᠭ᠎ᠠ ᠶᠢᠨ ᠤᠲᠠᠰᠤ ᠶᠢ ᠪᠦᠷ ᠣᠯᠵᠤ ᠳᠡᠶᠢᠯᠦᠨ᠎ᠡ᠂ ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠺᠣᠳ᠋ ᠢᠶᠠᠷ ᠳᠠᠮᠵᠢᠭᠤᠯᠤᠨ ᠪᠠᠰᠠ | ᠨᠡᠶᠢᠭᠡᠮ ᠲᠣᠭᠤᠷᠢᠭ ᠤᠨ ᠮᠡᠳᠡᠭᠳᠡᠯ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ᠂ ᠬᠡᠷ ᠣᠷᠣᠨ ᠴᠡᠪᠡᠷᠯᠡᠬᠦ ᠦᠢᠯᠡᠴᠢᠯᠡᠭᠡ ᠵᠡᠷᠭᠡ ᠮᠡᠳᠡᠭᠡ ᠵᠠᠩᠭᠢ ᠶᠢ | ᠣᠶᠢᠯᠠᠭᠠᠵᠦ ᠳᠡᠶᠢᠯᠬᠦ ᠪᠠᠷ ᠡᠳᠦᠷ ᠲᠤᠲᠤᠮ ᠤᠨ ᠠᠮᠢᠳᠤᠷᠠᠯ ᠳᠤ ᠨᠠᠩ ᠲᠥᠬᠦᠮ ᠦᠵᠡᠭᠦᠯᠦᠭᠰᠡᠨ ᠪᠠᠶᠢᠨ᠎ᠠ︾ ᠭᠡᠪᠡ᠃ | ᠸᠢᠴᠠᠲ ᠢᠶᠠᠷ ᠮᠡᠷᠭᠡᠨ ᠴᠣᠬᠤᠷ ᠢ ᠰᠢᠷᠪᠢᠬᠦ ᠪᠠᠷ ᠳᠠᠮᠵᠢᠨ ᠦᠢᠯᠡᠴᠢᠯᠡᠭᠡᠨ ᠤ ᠲᠠᠪᠴᠠᠩ ᠳᠤ ᠣᠷᠣᠵᠤ ᠨᠡᠶᠢᠭᠡᠮ ᠲᠣᠭᠤᠷᠢᠭ ᠤᠨ ᠠᠯᠪᠠᠨ ᠵᠠᠷ᠂ ᠠᠳᠠᠯ | ᠠᠬᠤᠢ ᠶᠢᠨ ᠰᠡᠯᠪᠢᠨ ᠵᠠᠰᠠᠬᠤ ᠮᠡᠳᠡᠭᠡ ᠵᠠᠩᠭᠢ᠂ ᠠᠵᠢᠯᠲᠠᠨ ᠡᠯᠰᠡᠬᠦ ᠮᠡᠳᠡᠭᠡ ᠵᠠᠩᠭᠢ᠂ ᠠᠮᠢᠳᠤᠷᠠᠯ ᠤᠨ ᠦᠢᠯᠡᠴᠢᠯᠡᠭᠡᠨ ᠤ ᠤᠲᠠᠰᠤ ᠵᠡᠷᠭᠡ ᠶᠢ ᠣᠯᠵᠦ ᠲᠡᠶᠢᠯᠭᠦ | ᠮᠦᠷᠳᠡᠭᠡᠨ ᠰᠠᠭᠤᠭᠠᠯᠢ ᠡᠷᠦᠬᠡ ᠶᠢᠨ ᠪᠣᠶ ᠪᠥᠬᠦᠶ ᠮᠡᠳᠡᠭᠡ ᠵᠠᠩᠭᠢ ᠶᠢ ᠮᠡᠳᠡᠵᠦ ᠲᠡᠶᠢᠯᠳᠡᠭ ᠪᠠᠶᠢᠨ᠎ᠠ᠃ | ᠣᠶᠢᠯᠠᠭᠠᠭᠰᠠᠨ ᠢᠶᠠᠷ᠂ ᠦᠨᠳᠦᠰᠦᠨ ᠱᠠᠲᠤᠨ ᠤ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ ᠦᠨᠳᠦᠰᠦᠨ ᠱᠠᠲᠤᠨ ᠤ ᠣᠶᠤᠨᠴᠢ | ᠵᠠᠰᠠᠯᠲᠠ ᠶᠢ ᠲᠡᠭᠦᠯᠳᠡᠷᠵᠢᠬᠦᠯᠬᠦ ᠶᠢᠨ ᠲᠥᠯᠥᠭᠡ ᠭᠠᠯᠠᠭᠤᠲᠤ ᠪᠠᠯᠭᠠᠰᠤ ︽ᠨᠡᠶᠢᠭᠡᠮ ᠲᠣᠭᠤᠷᠢᠭ ᠤᠨ ᠬᠠᠮᠲᠤ ᠪᠠᠷ ᠡᠳ᠋ᠯᠡᠬᠦ ᠦᠢᠯᠡᠴᠢᠯᠡᠬᠡᠨ ᠤ ᠺᠣᠳ᠋︾ ᠢ | ᠭᠠᠯᠠᠭᠤᠲᠤ ᠪᠠᠯᠭᠠᠰᠤᠨ ᠤ 8 ᠵᠢᠱᠢᠶ᠎ᠡ ᠦᠵᠡᠭᠦᠯᠬᠦ ᠰᠠᠭᠤᠭᠠᠯᠢ ᠲᠣᠭᠤᠷᠢᠭ ᠤᠨ 563 ᠡᠷᠦᠬᠡ ᠳᠤ ᠬᠡᠷᠡᠭᠵᠢᠬᠦᠯᠵᠡᠢ᠃ ᠲᠠᠷᠠᠭᠠᠴᠢ ᠶᠢᠨ ᠠᠯᠬᠤᠮ ᠳᠤ᠂ | ᠦᠤᠰᠢᠨ ᠬᠤᠰᠢᠭᠤᠨ ᠤ ᠬᠡᠪᠴᠢᠶᠡᠨ ᠳᠤ ︽ᠨᠡᠶᠢᠭᠡᠮ ᠲᠣᠭᠤᠷᠢᠭ ᠤᠨ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠺᠣᠳ᠋︾ ᠢ ᠳᠡᠯᠭᠡᠷᠡᠭᠦᠯᠵᠦ ︽ᠦᠨᠳᠦᠰᠦᠨ | ᠲᠤᠭ᠎ᠠ ᠪᠠᠷᠢᠮᠲᠠ ᠶᠢᠨ ᠬᠥᠮᠥᠷᠭᠡ︾ ᠶᠢᠨ ᠳᠠᠯᠳᠠ ᠬᠦᠴᠦᠨ ᠢ ᠠᠭᠤᠳᠠᠯᠵᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ | ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠠᠰᠤᠷᠠᠯᠲᠠ ᠥᠬᠡᠶ ᠰᠢᠯᠢᠳᠡᠭᠵᠢᠭᠦᠯᠤᠨ ᠰᠠᠭᠤᠭᠠᠯᠢ ᠠᠷᠠᠳ ᠲᠤ ᠨᠠᠩ ᠳᠥᠭᠦᠮ ᠳᠥᠲᠡ᠂ ᠥᠨᠳᠥᠷ | ᠪᠦᠲᠦᠮᠵᠢᠲᠡᠶ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠮᠢᠳᠤᠷᠠᠯ ᠤᠨ ᠣᠷᠴᠢᠨ ᠢ ᠪᠣᠶ ᠪᠣᠯᠭᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠵᠦ ᠣᠶᠤᠨᠴᠢ ᠨᠡᠶᠢᠭᠡᠮ ᠲᠣᠭᠤᠷᠢᠭ ᠤᠨ ᠰᠢᠨ᠎ᠡ ᠬᠠᠭᠤᠳᠠᠰᠤ ᠶᠢ ᠵᠢᠷᠤᠭᠯᠠᠬᠤ ᠪᠤᠯᠤᠨ᠎ᠠ᠃ | ᠳᠤᠭᠤᠶᠢᠯᠠᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠱᠦᠵᠢ ᠰᠠᠴᠡᠨᠲᠤᠶᠠᠭᠠ᠄ ︽ᠮᠠᠨ ᠤ ᠨᠡᠶᠢᠭᠡᠮ ᠲᠣᠭᠤᠷᠢᠭ ᠨᠢ ᠭᠠᠯᠠᠭᠤᠲᠤ | ᠪᠠᠯᠭᠠᠰᠤᠨ ᠤ ᠬᠠᠮᠲᠤ ᠪᠠᠷ ᠡᠳ᠋ᠯᠡᠬᠦ ᠦᠢᠯᠡᠴᠢᠯᠡᠬᠡᠨ ᠤ ᠺᠣᠳ᠋ ᠢ ᠬᠠᠮᠤᠭ ᠤᠷᠢᠳᠠᠪᠠᠷ ᠲᠣᠷᠰᠢᠨ ᠬᠡᠷᠡᠭᠯᠡᠵᠤ ᠰᠠᠭᠤᠭᠠᠯᠢ ᠠᠷᠠᠳ ᠤᠨ ᠲᠤᠰᠬᠠᠯ ᠮᠠᠰᠢ ᠰᠠᠶᠢᠨ | ᠪᠠᠶᠢᠵᠤ ᠢᠯᠡᠳᠲᠡ ᠦᠷ᠎ᠡ ᠪᠦᠲᠦᠮᠵᠢ ᠤᠯᠪᠠ᠃ ᠮᠢᠨᠦ ᠦᠵᠡᠬᠦ ᠪᠠᠷ᠂ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠺᠣᠳ᠋ ᠨᠢ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠠᠮᠢᠳᠤᠷᠠᠯ ᠳᠤ ᠲᠦᠢᠯ ᠤᠨ ᠶᠡᠭᠡ ᠲᠥᠬᠦᠮ | ᠦᠵᠡᠭᠦᠯᠦᠭᠰᠡᠨ ᠪᠠᠶᠢᠨ᠎ᠠ᠃ ᠲᠣᠰ ᠦᠢᠯᠡᠴᠢᠯᠡᠭᠡᠨ ᠤ ᠺᠣᠳ᠋ ᠢᠶᠠᠷ ᠳᠠᠮᠵᠢᠭᠤᠯᠤᠨ ᠰᠠᠭᠤᠭᠠᠯᠢ ᠠᠷᠠᠳ ᠴᠠᠭ ᠲᠤᠬᠠᠶ ᠳᠤᠨᠢ ᠨᠡᠶᠢᠭᠡᠮ ᠲᠣᠭᠤᠷᠢᠭ ᠤᠨ ᠪᠠᠶᠢᠳᠠᠯ ᠢ | ᠮᠡᠳᠡᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠠᠵᠢᠯᠲᠠᠨ ᠡᠯᠰᠡᠬᠦ ᠮᠡᠳᠡᠭᠡ ᠵᠠᠩᠭᠢ ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠬᠠᠮᠲᠤ ᠪᠠᠷ ᠡᠳ᠋ᠯᠡᠬᠦ | ᠦᠢᠯᠡᠴᠢᠯᠡᠭᠡ ᠶᠢ ᠣᠶᠢᠯᠠᠭᠠᠵᠤ ᠳᠡᠶᠢᠯᠦᠨ᠎ᠡ᠃ ᠡᠭᠦᠨ ᠤ ᠬᠠᠮᠲᠤ᠂ ᠦᠢᠯᠡᠴᠢᠯᠡᠭᠡᠨ ᠤ ᠺᠣᠳ᠋ ᠤᠨ ᠬᠡᠷᠡᠭᠯᠡᠯᠲᠡ ᠪᠠᠰᠠ ᠨᠡᠶᠢᠭᠡᠮ ᠲᠣᠭᠤᠷᠢᠭ ᠪᠣᠯᠤᠨ ᠰᠠᠭᠤᠭᠠᠯᠢ | ᠠᠷᠠᠳ ᠤᠨ ᠬᠤᠭᠤᠷᠣᠨᠳᠣᠬᠢ ᠬᠠᠷᠢᠯᠴᠠᠭ᠎ᠠ ᠶᠢ ᠴᠢᠩᠭᠠᠳᠬᠠᠵᠤ ᠣᠶᠤᠨᠴᠢ ᠨᠡᠶᠢᠭᠡᠮ ᠲᠣᠭᠤᠷᠢᠭ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ | ᠪᠤᠯᠤᠨ᠎ᠠ︾ ᠭᠡᠵᠠᠢ᠃ | | | | ᠰᠤᠷᠪᠤᠯᠵᠢᠯᠠᠭᠴᠢ᠄ ᠰᠣᠯᠣᠩᠭ᠎ᠠ᠂ ᠪᠤᠶᠠᠨᠳᠤ |