ᠭᠠᠯᠠᠭᠤᠲᠤ ᠪᠠᠯᠭᠠᠰᠤ ᠬᠠᠷ᠎ᠠ ᠳᠡᠯᠳᠡᠤ ᠶᠢ ᠲᠠᠷᠢᠭᠠᠳ ᠠᠮᠵᠢᠯᠲᠠ ᠤᠯᠤᠯ᠎ᠠ
ᠨᠡᠶᠢᠲᠡᠯᠡᠭᠰᠡᠨ ᠴᠠᠭ᠄
2025/3/6
      ᠭᠠᠯᠠᠭᠤᠲᠤ ᠪᠠᠯᠭᠠᠰᠤᠨ ᠤ ᠳ᠋ᠤᠺᠲ᠋ᠤᠷ ᠤᠨ ᠠᠵᠢᠯᠯᠠᠬᠤ ᠦᠷᠲᠡᠭᠡᠨ ᠤ ᠬᠢᠨ ᠭᠢᠷᠢᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠺᠡᠳᠧᠮᠢᠴᠢ ᠶᠢᠨ ᠪᠦᠯᠬᠦᠮ ᠲᠠᠢ ᠬᠠᠮᠲᠤᠷᠠᠨ ᠠᠵᠢᠯᠯᠠᠵᠤ᠂ 2024 ᠤᠨ ᠤ 8 ᠰᠠᠷ᠎ᠠ ᠳᠤ ᠯᠢᠤᠢ ᠯᠢᠶᠠᠩ ᠬᠤᠲᠠ ᠶᠢᠨ ᠵᠥᠩ ᠶᠠᠩ ᠰᠢᠶᠠᠨ ᠠᠴᠠ 1000 ᠬᠠᠷ᠎ᠠ ᠳᠡᠯᠳᠡᠦ ᠶᠢᠨ ᠡᠰᠢ ᠶᠢ ᠤᠷᠤᠭᠤᠯᠤᠨ ᠠᠪᠴᠢᠷᠠᠵᠤ ᠳᠤᠷᠰᠢᠨ ᠲᠠᠷᠢᠭᠠᠳ ᠲᠦᠷᠪᠡ ᠤᠳᠠᠭ᠎ᠠ ᠲᠡᠬᠦᠨ ᠬᠤᠷᠢᠶᠠᠵᠤ ᠪᠠᠶᠢᠨ᠎ᠠ᠃      ᠬᠠᠷ᠎ᠠ ᠳᠡᠯᠳᠡᠦ ᠶᠢᠨ ᠡᠰᠢ ᠶᠢ ᠲᠠᠷᠢᠵᠤ ᠪᠣᠶᠢᠵᠢᠭᠤᠯᠬᠤ ᠮᠡᠷᠭᠡᠵᠢᠯ ᠨᠢ ᠬᠢᠯᠪᠠᠷ ᠳᠦᠭᠦᠮ᠂ 20 — 25 ᠭᠷᠠᠳᠦ᠋ᠰ  ᠤᠨ ᠳᠤᠯᠠᠭᠠᠨ ᠬᠦᠯᠡᠮᠵᠢ ᠳᠤ 45 ᠡᠳᠦᠷ ᠲᠤ ᠨᠢᠭᠡ ᠤᠳᠠᠭ᠎ᠠ ᠪᠤᠯᠪᠠᠰᠤᠷᠠᠳᠠᠭ ᠤᠴᠢᠷ ᠠᠴᠠ ᠦᠨᠳᠦᠷ ᠤᠨᠠᠯᠲᠠ ᠲᠠᠢ᠂ ᠡᠰᠢ ᠪᠦᠷᠢ ᠠᠴᠠ 1.2 ᠯᠠᠩ ᠤᠨ ᠬᠠᠷ᠎ᠠ ᠳᠡᠯᠳᠡᠤ ᠲᠡᠭᠦᠵᠦ᠂ ᠵᠢᠩ ᠪᠦᠷᠢ ᠶᠢᠨ ᠵᠠᠬ᠎ᠠ ᠳᠡᠯᠭᠡᠭᠦᠷ ᠤᠨ ᠦᠨ᠎ᠡ ᠨᠢ 25 ᠲᠦᠬᠦᠷᠢᠭ ᠲᠤ ᠬᠦᠷᠳᠡᠭ ᠪᠠᠶᠢᠨ᠎ᠠ᠃ ᠭᠠᠯᠠᠭᠤᠲᠤ ᠪᠠᠯᠭᠠᠰᠤᠨ ᠤ ᠳ᠋ᠤᠺᠲ᠋ᠤᠷ ᠤᠨ ᠠᠵᠢᠯᠯᠠᠬᠤ ᠦᠷᠲᠡᠭᠡᠨ ᠤ ᠬᠢᠨ ᠡᠶᠢᠮᠦᠷᠬᠦᠤ ᠰᠢᠨ᠎ᠡ ᠮᠡᠷᠭᠡᠵᠢᠯ ᠢ ᠢᠳᠡᠪᠬᠢᠯᠡᠨ ᠲᠤᠷᠰᠢᠨ ᠠᠰᠢᠭᠯᠠᠬᠤ ᠪᠠᠷ ᠳᠠᠮᠵᠢᠨ ᠪᠠᠯᠭᠠᠰᠤᠨ ᠤ ᠠᠵᠤ ᠠᠬᠤᠢ ᠶᠢᠨ ᠬᠦᠭᠵᠢᠯᠲᠡ ᠳᠤ ᠨᠢᠭᠡᠨ ᠬᠤᠪᠢ ᠬᠦᠴᠦ ᠪᠠᠨ ᠨᠡᠮᠡᠷᠢᠯᠡᠵᠦ ᠪᠠᠶᠢᠨ᠎ᠠ᠃
微信图片_20250306170346.jpg
微信图片_20250306170359.jpg
微信图片_20250306170354.jpg
                                    ᠰᠤᠷᠪᠤᠯᠵᠢᠯᠠᠭᠴᠢ᠄ ᠲᠠᠸᠠᠩᠨᠤᠷᠪᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ