ᠦᠦᠰᠢᠨᠵᠤᠤ ᠪᠠᠯᠭᠠᠰᠤᠨ ᠤ ᠪᠠᠶᠠᠠᠲᠤᠯᠤᠭᠠᠢ ᠭᠠᠴᠠᠭ᠎ᠠ ᠪᠠᠶᠠᠯᠢᠭ ᠠᠭᠤᠯᠭ᠎ᠠ ᠲᠠᠢ ᠠᠵᠢᠯᠯᠠᠭ᠎ᠠ ᠪᠠᠷ ᠡᠮᠡᠭᠲᠡᠶᠢᠴᠤᠳ ᠤᠨ ᠪᠠᠶᠠᠷ ᠢᠶᠠᠨ ᠪᠡᠯᠭᠡᠯᠡᠯ᠎ᠡ
ᠨᠡᠶᠢᠲᠡᠯᠡᠭᠰᠡᠨ ᠴᠠᠭ᠄
2025/3/7
      ᠡᠮᠡᠭᠲᠡᠶᠢᠴᠦᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠦᠦᠰᠢᠨᠵᠤᠤ ᠪᠠᠯᠭᠠᠰᠤᠨ ᠤ ᠪᠠᠶᠠᠠᠲᠤᠯᠤᠭᠠᠢ ᠭᠠᠴᠠᠭᠠᠨ ᠤ ᠬᠢᠨ ᠡᠮᠡᠭᠲᠡᠶᠢᠴᠤᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠶᠠᠪᠤᠭᠳᠠᠭᠤᠯᠤᠭᠰᠠᠨ ᠪᠠᠶᠢᠨ᠎ᠠ᠃      ᠰᠤᠷᠪᠤᠯᠵᠢᠯᠠᠭᠴᠢ ᠦᠦᠰᠢᠨᠵᠤᠤ ᠪᠠᠯᠭᠠᠰᠤᠨ ᠤ ᠪᠠᠶᠠᠠᠲᠤᠯᠤᠭᠠᠢ ᠭᠠᠴᠠᠭᠠᠨ ᠳᠤ ᠬᠦᠷᠬᠦ ᠳᠤ ᠭᠠᠴᠠᠭᠠᠨ ᠤ ᠡᠮᠡᠭᠲᠡᠶᠢᠴᠦᠳ ᠬᠤᠷᠠᠯ ᠤᠨ ᠲᠢᠩᠬᠢᠮ ᠳᠤ ᠬᠤᠷᠠᠨ ᠴᠤᠭᠯᠠᠷᠠᠵᠤ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠢᠯ᠎ᠠ᠃ ᠡᠬᠢᠯᠡᠯᠲᠡ ᠶᠢᠨ ᠶᠣᠰᠣᠯᠠᠯ ᠳᠡᠭᠡᠷ᠎ᠡ ︽3·8︾ ᠤ ᠤᠯᠠᠭᠠᠨ ᠲᠤᠭᠴᠢ᠂ ᠬᠠᠮᠤᠭ ᠭᠤᠶᠤ ᠰᠠᠶᠢᠨ ᠲᠤᠷᠠᠴᠤᠳ ᠢ ᠱᠠᠩᠨᠠᠨ ᠬᠦᠬᠢᠭᠦᠯᠦᠭᠰᠡᠨ ᠤ ᠬᠠᠮᠲᠤ ᠪᠦᠬᠦᠶᠢᠯᠡ ᠪᠦᠰᠡᠭᠦᠶᠢᠴᠤᠳ ᠲᠤ ᠭᠠᠷ ᠤᠨ ᠪᠡᠯᠡᠭ ᠭᠠᠷᠳᠠᠭᠤᠯᠤᠭᠰᠠᠨ ᠪᠠᠶᠢᠨ᠎ᠠ᠃ ᠡᠬᠢᠯᠡᠯᠲᠡ ᠶᠢᠨ ᠶᠣᠰᠣᠯᠠᠯ ᠤᠨ ᠳᠠᠷᠠᠭ᠎ᠠ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠭᠴᠢ ᠠᠴᠠ ᠭᠡᠷ ᠪᠦᠯᠢ ᠶᠢᠨ ᠬᠥᠮᠦᠵᠢᠯ᠂ ᠰᠡᠳᠭᠢᠴᠡ ᠤᠨ ᠲᠠᠯ᠎ᠠ ᠪᠠᠷ ᠲᠠᠶᠢᠯᠤᠮᠵᠢ ᠬᠢᠯ᠎ᠡ᠃       ᠲᠠᠶᠢᠯᠤᠮᠵᠢ ᠶᠢᠨ ᠳᠠᠷᠠᠭ᠎ᠠ᠂ ᠦᠦᠰᠢᠨ ᠬᠤᠰᠢᠭᠤᠨ ᠤ ᠡᠬᠡ ᠨᠢᠯᠬᠠᠰ ᠡᠷᠡᠭᠦᠯᠵᠢᠯ ᠤᠨ ᠲᠥᠪ ᠠᠴᠠ ᠭᠠᠴᠠᠭᠠᠨ ᠤ  ᠪᠦᠬᠦᠶᠢᠯᠡ ᠡᠮᠡᠭᠲᠡᠶᠢᠴᠦᠳ ᠲᠤ ᠬᠤᠶᠠᠷ ᠥᠮᠡᠨ ᠤ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠠᠷᠠᠭ᠎ᠠ ᠬᠠᠮᠲᠤ ᠨᠢᠭᠡᠴᠢ ᠬᠤᠪᠢ ᠬᠥᠮᠦᠨ ᠤ ᠣᠷᠣᠯᠴᠠᠯᠭ᠎ᠠ ᠲᠠᠢ ᠲᠣᠭᠯᠠᠭᠠᠮ ᠲᠣᠭᠯᠠᠭᠤᠯᠤᠭᠰᠠᠨ ᠪᠠᠶᠢᠨ᠎ᠠ᠃                                        ᠰᠤᠷᠪᠤᠯᠵᠢᠯᠠᠭᠴᠢ᠄ ᠲᠠᠸᠠᠩᠨᠤᠷᠪᠤ᠂ ᠪᠤᠶᠠᠨᠲᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ