ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/1
      3 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠰᠢᠤᠸᠠᠢ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ  ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠠᠯᠠᠭᠤᠲᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠤᠤ ᠬᠤᠷᠠᠯ ᠢ ᠡᠷᠭᠢᠯᠡᠪᠡ᠃ ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤ ᠵᠠᠰᠠᠭ ᠤᠨ ᠣᠷᠳᠣᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠠ᠃
1.png    
      ᠬᠤᠷᠠᠯ ᠳᠡᠭᠡᠷ᠎ᠡ ᠭᠠᠯᠠᠭᠤᠲᠤ ᠪᠠᠯᠭᠠᠰᠤ᠂ ᠰᠢᠷᠬᠤᠰᠤᠨ ᠪᠠᠯᠭᠠᠰᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤ ᠠᠵᠤ ᠠᠬᠤᠶᠢᠯᠠᠯᠲᠠᠳ ᠤᠨ ᠬᠤᠯᠪᠣᠭᠠᠲᠤ ᠬᠤᠷᠠᠯ ᠠᠴᠠ ᠲᠤᠰ ᠲᠤᠰ ᠰᠠᠨᠠᠯ ᠢᠶᠠᠨ ᠰᠤᠯᠢᠯᠴᠠᠬᠤ ᠶᠠᠷᠢᠶ᠎ᠠ ᠲᠠᠯᠪᠢᠵᠠᠢ᠃       ᠸᠠᠩ ᠰᠢᠤᠸᠠᠢ ᠹᠧᠩ ᠶᠠᠷᠢᠬᠤ ᠳᠠᠭᠠᠨ᠂ ᠨᠠᠮ ᠤᠨ ᠨᠡᠶᠢᠭᠡᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠨᠡᠶᠢᠭᠡᠮ ᠤᠨ ᠠᠵᠢᠯ ᠤᠨ ᠪᠥᠬᠦ ᠶᠠᠪᠤᠴᠠ ᠳᠤ ᠠᠭᠤᠰᠤᠯᠴᠠᠭᠤᠯᠤᠨ ᠳᠡᠭᠡᠳᠦ  ᠬᠡᠮᠵᠢᠶᠡᠨ ᠤ ᠤᠯᠤᠰ  ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠨᠡᠶᠢᠭᠡᠮ ᠤᠨ ᠠᠵᠢᠯ ᠤᠨ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠨᠡᠶᠢᠭᠡᠮ ᠤᠨ ᠠᠵᠢᠯ ᠤᠨ ᠴᠠᠷᠠᠭᠠᠨ ᠳᠠᠬᠢ ᠳᠤᠲᠠᠭᠤᠳᠠᠯ ᠪᠠ ᠪᠠᠭᠤᠷᠠᠶ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠮᠠᠨ ᠤ ᠬᠤᠰᠢᠭᠤᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠰᠡᠨ ᠪᠠᠶᠢᠨ᠎ᠠ᠃      ᠸᠠᠩ ᠰᠢᠤᠸᠠᠢ ᠹᠧᠩ ᠶᠠᠷᠢᠬᠤ ᠳᠠᠭᠠᠨ᠂ ᠬᠡᠪᠴᠢᠶ᠎ᠡ ᠪᠠᠨ ᠥᠷᠭᠡᠳᠬᠡᠨ ᠴᠢᠨᠠᠷ ᠢᠶᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠣᠳᠣᠬᠠᠨ ᠤ ᠨᠡᠶᠢᠭᠡᠮ ᠤᠨ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠵᠤ ᠨᠠᠮ ᠤᠨ ᠪᠠᠶᠢᠭᠤᠯᠤᠯᠲᠠ ᠶᠢᠨ ᠪᠦᠲᠦᠮᠵᠢᠲᠡᠢ ᠠᠷᠭ᠎ᠠ ᠶᠢ ᠰᠦᠪᠡᠭᠴᠢᠯᠡᠨ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠰᠢᠨ᠎ᠡ ᠪᠠᠷ ᠠᠵᠢᠯ ᠣᠯᠤᠭᠰᠠᠨ ᠬᠥᠮᠦᠰ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠦᠳᠦᠯᠦᠨ ᠳᠠᠭᠠᠭᠤᠯᠬᠤ ᠬᠡᠷᠡᠭᠲᠡᠢ᠃ ᠰᠠᠭᠤᠷᠢ ᠶᠢ ᠴᠢᠩᠭᠠᠳᠬᠠᠨ ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠵᠤ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠭᠦᠨᠵᠡᠭᠡᠶ ᠠᠬᠢᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠵᠠᠰᠠᠯᠲᠠ ᠶᠢ ᠰᠢᠯᠢᠳᠡᠭᠵᠢᠭᠦᠯᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ ᠦᠨᠳᠦᠰᠦᠨ ᠱᠠᠲᠤᠨ ᠤ ᠶᠠᠪᠤᠳᠠᠯ᠂ ᠣᠯᠠᠨ ᠲᠦᠮᠡᠨ ᠤ ᠶᠠᠪᠤᠳᠠᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃ ᠣᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠤᠨ ︽ᠨᠠᠮ ᠳᠠᠭᠠᠨ ᠲᠠᠯᠠᠷᠬᠠᠵᠤ᠂ ᠨᠠᠮ ᠢᠶᠠᠨ ᠬᠦᠷᠢᠶᠡᠯᠡᠨ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠪᠠᠶᠢᠩᠭᠤ ᠥᠷᠨᠢᠭᠦᠯᠵᠦ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠯᠠᠪᠳᠠᠭᠤᠨ ᠪᠠᠲᠤᠲᠠᠶ ᠠᠳᠬᠤᠨ ᠠᠷᠠᠳ ᠲᠦᠮᠡᠨ ᠤ ᠰᠠᠨᠠᠭᠤᠯᠭ᠎ᠠ ᠶᠢ ᠴᠤᠭᠯᠠᠭᠤᠯᠬᠤ ᠠᠷᠭ᠎ᠠ ᠵᠠᠮ ᠢ ᠥᠷᠭᠡᠳᠬᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠠᠷᠠᠳ ᠤᠨ ᠰᠠᠨᠠᠭᠠᠰᠢᠷᠠᠯ ᠢ ᠰᠡᠳᠬᠢᠯ ᠳᠡᠯᠪᠢᠨ ᠰᠢᠢᠳᠪᠦᠷᠢᠯᠡᠵᠦ ᠠᠷᠠᠳ ᠤᠨ ᠣᠶᠤᠨ ᠤᠬᠠᠭᠠᠨ ᠢ ᠬᠤᠷᠠᠮᠳᠤᠭᠤᠯᠤᠨ ᠠᠷᠠᠳ ᠤᠨ ᠰᠡᠳᠬᠢᠯ ᠢ ᠨᠢᠭᠲᠠᠷᠠᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ  ᠶᠢᠨ ᠤᠳᠤᠷᠢᠳᠤᠯᠭ᠎ᠠ ᠪᠠᠨ ᠴᠢᠩᠭᠠᠳᠬᠠᠵᠤ ᠪᠦᠬᠦᠯᠢ ᠴᠤᠭᠴᠠ ᠶᠢᠨ ᠦᠵᠡᠯ ᠰᠠᠨᠠᠭ᠎ᠠ ᠶᠢ ᠪᠠᠷᠢᠮᠲᠠᠯᠠᠨ ᠨᠡᠶᠢᠭᠡᠮ ᠤᠨ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠨᠣᠮᠢᠨ ᠲᠠᠩᠰᠤᠭ ᠦᠦᠰᠢᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃                                        ᠰᠤᠷᠪᠤᠯᠵᠢᠯᠠᠭᠴᠢ᠄ ᠡᠷᠬᠡᠰ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ