ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2025 ᠣᠨ ᠤ 4 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/1
      3 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2025 ᠣᠨ ᠤ 4 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠤᠳᠤᠷᠢᠳᠤᠯᠭ᠎ᠠ ᠮᠠ ᠶᠠ ᠳ᠋ᠦᠩ᠂ ᠠᠯᠲᠠᠨᠴᠢᠯᠠᠭᠤ᠂ ᠰᠢᠶᠤᠤ ᡁᠢ ᠺᠤᠸᠠᠨ᠂ ᠺᠠᠩ ᠷᠦᠢ᠂ ᠴᠠᠩ ᠢᠦᠶ ᠵᠢᠶᠦ᠋ᠨ᠂ ᠹᠠᠨ ᠴᠦᠨ ᠬᠤᠶ᠂ ᠱᠠ ᠵᠢᠶᠠᠨ᠂ ᠮᠢ ᠬᠤᠩ ᠵᠦᠸᠧ᠂ ᠭᠤᠤ ᠴᠢᠶᠠᠩ ᠶᠢᠩ ᠵᠢᠴᠢ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽︿ᠬᠤᠶᠠᠷ ᠤᠭᠲᠤ ᠭᠤᠶᠢᠪᠢᠰᠢ ᠦᠭᠡᠢ﹀ ᠶᠢ ᠪᠠᠷᠢᠮᠲᠠᠯᠠᠨ ᠨᠠᠶᠢᠳᠠᠪᠤᠷᠢᠵᠢᠭᠤᠯᠬᠤ ᠬᠡᠷᠡᠭᠲᠠᠢ︾᠂ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠠᠢ︾ ᠭᠡᠬᠦ ᠵᠤᠬᠢᠶᠠᠯ ᠤᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠷᠦᠩᠬᠡᠶ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠮᠠᠭᠠᠳᠯᠠᠯᠲᠠ ᠪᠠ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ  ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠪᠢᠴᠢᠭ ᠮᠠᠲ᠋ᠧᠷᠢᠶᠠᠯ ᠢ ᠴᠣᠮᠬᠠᠳᠬᠠᠨ ᠬᠤᠷᠠᠯ ᠢ ᠪᠠᠭᠠᠰᠬᠠᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠪᠢᠴᠢᠭ ᠤᠨ ᠰᠤᠷᠲᠠᠯ ᠬᠤᠷᠠᠯ ᠤᠨ ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃      ᠬᠤᠷᠠᠯ ᠠᠴᠠ ︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠬᠦ ᠲᠥᠰᠦᠯ ︵ᠵᠠᠰᠠᠪᠤᠷᠢ ᠣᠷᠣᠭᠤᠯᠤᠭᠰᠠᠨ ᠨᠤᠤᠷᠠᠭ︶ ᠢ ᠰᠤᠳᠤᠯᠤᠨ ᠬᠢᠨᠠᠨ ᠵᠥᠪᠯᠡᠪᠡ᠃ ︽ᠲᠠᠪᠤᠨ ᠶᠡᠭᠡ ᠡᠭᠦᠷᠭᠡ︾ ᠶᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠤᠯᠠᠮ ᠴᠢᠨᠠᠭᠰᠢᠳᠠ ᠲᠣᠳᠣᠷᠬᠠᠶᠢᠯᠠᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ ᠠᠵᠢᠯ ᠤᠨ ᠬᠠᠮᠲᠤᠷᠠᠯ ᠤᠨ ᠬᠦᠴᠦᠨ ᠢᠶᠠᠨ ᠴᠢᠩᠭᠠᠳᠬᠠᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                             ᠰᠤᠷᠪᠤᠯᠵᠢᠯᠠᠭᠴᠢ᠄ ᠵᠢᠢ ᠫᠧᠩ᠂ ᠪᠠᠢ ᠪᠦᠦ ᠴᠢᠶᠠᠩ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ