ᠮᠠᠨ ᠤ ᠬᠤᠰᠢᠭᠤ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/4/1
      ᠤᠶᠢᠷ᠎ᠠ ᠳᠤ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ︽ᠰᠠᠷᠠᠭᠤᠯ ᠬᠠᠷᠠᠭ᠎ᠠ︾ ᠠᠵᠢᠯᠯᠠᠭ᠎ᠠ ᠮᠠᠨ ᠤ ᠬᠤᠰᠢᠭᠤᠨ  ᠳᠤ ᠶᠠᠪᠤᠭᠳᠠᠪᠠ᠃      ᠠᠵᠢᠯᠯᠠᠭ᠎ᠠ ᠨᠢ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠳᠤᠮᠳᠠᠬᠢ ᠬᠢᠲᠠᠳ ᠮᠣᠩᠭᠤᠯ ᠡᠮ ᠡᠮᠨᠡᠯᠭᠡ ᠪᠠ ᠡᠷᠡᠭᠦᠯ ᠮᠡᠨᠳᠦ ᠶᠢᠨ ᠰᠤᠷᠭᠠᠨ ᠬᠥᠮᠦᠵᠢᠯ ᠤᠨ ᠦᠢᠯᠡᠳᠦᠯ ᠢ ᠪᠠᠳᠠᠷᠠᠭᠤᠯᠤᠨ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠡᠷᠲᠡ ᠰᠡᠷᠭᠡᠶᠢᠯᠡᠵᠤ ᠡᠷᠲᠡ ᠵᠠᠰᠠᠵᠤ ᠵᠠᠯᠠᠭᠤᠴᠤᠳ ᠪᠠᠭᠠᠴᠤᠳ ᠤᠨ ᠨᠢᠳᠦᠨ ᠤ ᠡᠷᠡᠭᠦᠯ ᠮᠡᠨᠳᠦ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ ᠬᠢᠲᠠᠳ ᠮᠣᠩᠭᠤᠯ ᠡᠮ ᠡᠮᠨᠡᠯᠭᠡ ᠶᠢᠨ ᠣᠨᠴᠠᠯᠢᠭᠲᠤ ᠮᠡᠷᠭᠡᠵᠢᠯ ᠪᠠ ᠬᠡᠷᠡᠭᠯᠡᠯᠲᠡ ᠶᠢ ᠬᠠᠶᠢᠨ ᠰᠦᠪᠡᠭᠴᠢᠯᠡᠵᠤ ᠭᠡᠷ ᠪᠦᠯᠢ᠂ ᠰᠤᠷᠭᠠᠭᠤᠯᠢ ᠪᠠ ᠨᠡᠶᠢᠭᠡᠮ ᠢ ᠳᠠᠶᠢᠴᠢᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠲᠤ ᠪᠠᠷ ᠬᠠᠮᠠᠭᠠᠯᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠣᠶᠢᠷ᠎ᠠ ᠬᠠᠷᠠᠭ᠎ᠠ᠂ ᠮᠠᠷᠢᠶᠠᠯᠠᠬᠤ ᠵᠡᠷᠭᠡ ᠡᠪᠡᠳᠴᠢᠨ ᠡᠮᠭᠡᠭ ᠢ ᠤᠷᠢᠳᠴᠢᠯᠠᠨ ᠰᠡᠷᠬᠡᠶᠢᠯᠡᠬᠦ ᠪᠠᠷ ᠭᠤᠤᠯ ᠵᠤᠷᠢᠯᠳᠡ ᠪᠠᠨ ᠪᠣᠯᠭᠠᠪᠠ᠃                                ᠰᠤᠷᠪᠤᠯᠵᠢᠯᠠᠭᠴᠢ᠄ ᠪᠠᠶᠠᠷᠳᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ