ᠦᠦᠰᠢᠨ ᠵᠠᠰᠠᠭ ᠠᠯᠪᠠᠨ ᠳᠠᠷᠬᠠᠭᠠᠬᠤ ﹇2025﹈ 3 ᠳ᠋ᠤᠭᠠᠷ ᠲᠣᠭᠠᠲᠤ | | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠠᠵᠢᠯ ᠤᠨ ᠬᠡᠷᠡᠭᠴᠡᠭᠡ ᠠᠴᠠ ᠪᠣᠯᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ | ᠰᠤᠳᠤᠯᠬᠤ ᠪᠠᠷ ᠳᠡᠮᠵᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ | ᠲᠣᠬᠢᠷᠠᠭᠤᠯᠬᠤ ᠪᠠᠷ ᠲᠣᠭᠲᠠᠪᠠ᠃ | ᠨᠢᠭᠡ᠂ ᠠᠵᠢᠯ ᠤᠨ ᠬᠤᠪᠢᠶᠠᠷᠢᠯᠠᠯ | ᠰᠢᠨ᠎ᠡ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠬᠤᠰᠢᠭᠤ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠵᠤ᠂ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ᠬᠤᠰᠢᠭᠤ | ᠬᠢᠨᠠᠨ ᠪᠤᠳᠤᠬᠤ ᠲᠣᠪᠴᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃ | ᠮᠠ ᠶᠠ ᠳ᠋ᠦᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ | ᠬᠤᠰᠢᠭᠤ ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠵᠤ᠂ ᠬᠤᠰᠢᠭᠤ ᠳᠠᠷᠤᠭ᠎ᠠ ᠶᠢ ᠬᠠᠪᠰᠤᠷᠤᠨ ᠦᠵᠡᠯ | ᠤᠬᠠᠮᠰᠠᠷ ᠤᠨ ᠬᠡᠯᠪᠡᠷᠢ᠂ ᠬᠥᠭᠵᠢᠭᠦᠯᠦᠯᠲᠡ ᠥᠭᠡᠷᠡᠴᠢᠯᠡᠯᠲᠡ᠂ ᠶᠡᠷᠦᠩᠬᠡᠶᠢᠯᠡᠭᠰᠡᠨ ᠠᠵᠤ ᠠᠬᠤᠢ ᠶᠢᠨ ᠬᠠᠮᠢᠶᠠᠷᠤᠯᠲᠠ᠂ ᠡᠳ᠋ ᠤᠨ ᠵᠠᠰᠠᠭ ᠭᠠᠶᠢᠯᠢ ᠲᠠᠳᠠᠪᠤᠷᠢ | ᠮᠥᠩᠭᠦᠨ ᠭᠦᠢᠯᠭᠡᠭᠡ᠂ ᠲᠤᠭ᠎ᠠ ᠪᠦᠷᠢᠳᠬᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠰᠤᠷᠭᠠᠨ ᠬᠦᠮᠦᠵᠢᠯ ᠪᠡᠶ᠎ᠡ ᠲᠠᠮᠢᠷ᠂ ᠬᠤᠳᠠᠯᠳᠤᠭ᠎ᠠ ᠡᠵᠡᠩᠨᠡᠬᠦ | ᠣᠷᠴᠢᠨ ᠨᠦᠬᠦᠴᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠠᠮᠤ ᠪᠤᠳᠠᠭ᠎ᠠ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠬᠥᠭᠵᠢᠭᠦᠯᠦᠯᠲᠡ ᠶᠢᠨ ᠰᠤᠳᠤᠯᠭᠠᠨ ᠤ ᠲᠥᠪ︶᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠥᠪ︶᠂ ᠡᠳ᠋ ᠤᠨ ᠵᠠᠰᠠᠭ ᠤᠨ ᠲᠣᠪᠴᠢᠶ᠎ᠠ ︵ᠡᠳ᠋ ᠤᠨ ᠵᠠᠰᠠᠭ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ︶᠂ ᠲᠤᠭ᠎ᠠ | ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ︵ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ᠂ ᠪᠡᠶ᠎ᠡ ᠲᠠᠮᠢᠷ ᠤᠨ ᠦᠢᠯᠡᠰ ᠤᠨ ᠬᠥᠭᠵᠢᠭᠦᠯᠦᠯᠲᠡ ᠶᠢᠨ ᠲᠥᠪ︶᠂ ᠬᠤᠰᠢᠭᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠣᠮᠣ ᠳ᠋ᠠᠶᠢᠲ᠋ᠠ ᠶᠢᠨ | ᠲᠥᠪ︶᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠢ ᠬᠤᠪᠢᠶᠠᠷᠢᠯᠠᠨ ᠬᠠᠮᠢᠶᠠᠷᠤᠨ᠎ᠠ᠃ | ᠬᠤᠰᠢᠭᠤ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠲᠣᠪᠴᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠦᠦᠰᠢᠨ | ᠬᠤᠰᠢᠭᠤᠨ ᠤ ᠬᠤᠷᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠢᠨᠠᠨ ᠪᠠᠶᠢᠴᠠᠭᠠᠬᠤ ᠵᠥᠪᠯᠡᠯ᠂ ᠬᠤᠰᠢᠭᠤ ᠨᠠᠮ ᠤᠨ ᠬᠤᠷᠢᠶ᠎ᠠ ᠶᠢᠨ ᠨᠠᠮ ᠤᠨ | ᠰᠤᠷᠭᠠᠭᠤᠯᠢ᠂ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠦᠰᠢᠨ ᠬᠤᠰᠢᠭᠤᠨ ᠤ ᠬᠤᠷᠢᠶ᠎ᠠ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠠᠩᠰᠠ ᠡᠪᠬᠡᠮᠡᠯ ᠲᠡᠦᠬᠡ | ᠣᠶᠢᠯᠠᠯᠭ᠎ᠠ ᠶᠢᠨ ᠣᠷᠳᠣᠨ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ | ᠦᠦᠰᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ | ᠲᠠᠮᠠᠬᠢᠨ ᠤ ᠲᠤᠰᠬᠠᠢ ᠬᠤᠳᠠᠯᠳᠤᠭᠠᠨ ᠤ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ | ᠦᠦᠰᠢᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠪᠠ ᠬᠤᠰᠢᠭᠤᠨ ᠳᠤ ᠰᠠᠭᠤᠭ᠎ᠠ ᠮᠥᠩᠭᠦᠨ ᠭᠦᠢᠯᠭᠡᠭᠡ᠂ ᠳᠠᠭᠠᠳᠬᠠᠯ ᠤᠨ ᠠᠵᠤ ᠠᠬᠤᠶᠢᠯᠠᠯ | ᠵᠡᠷᠭᠡ ᠲᠠᠢ ᠬᠠᠷᠢᠯᠴᠠᠨ᠎ᠠ ᠃ | ᠠᠯᠲᠠᠨᠴᠢᠯᠠᠭᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠶᠢᠨ ᠠᠵᠤ ᠠᠬᠤᠢ᠂ ᠠᠮᠢ ᠠᠬᠤᠢ ᠣᠷᠴᠢᠨ ᠲᠣᠭᠤᠷᠢᠨ᠂ ᠡᠨᠧᠷᠭᠢ᠂ ᠬᠤᠳᠠᠯᠳᠤᠭᠠᠨ ᠤ | ᠶᠠᠪᠤᠳᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠡᠳᠡᠭᠡ | ᠵᠠᠩᠭᠢᠴᠢᠯᠠᠯᠲᠠ ᠵᠡᠷᠭᠡ ᠠᠵᠢᠯ ᠢ ᠬᠠᠷᠢᠭᠤᠴᠠᠨ᠎ᠠ᠃ | ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠦᠪ︶᠂ ᠡᠨᠧᠷᠭᠢ ᠶᠢᠨ ᠲᠣᠪᠴᠢᠶ᠎ᠠ ︵ᠡᠨᠧᠷᠭᠢ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ︶ ᠶᠢ | ᠬᠤᠪᠢᠶᠠᠷᠢᠯᠠᠨ ᠬᠠᠮᠢᠶᠠᠷᠤᠨ᠎ᠠ᠃ | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠦᠦᠰᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠪᠣᠯᠣᠨ ᠬᠤᠰᠢᠭᠤᠨ ᠳᠤ ᠰᠠᠭᠤᠭ᠎ᠠ | ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠴᠢᠮᠡᠭᠡ ᠬᠤᠯᠪᠣᠭ᠎ᠠ ᠶᠢᠨ ᠠᠵᠤ ᠠᠬᠤᠶᠢᠯᠠᠯ ᠲᠠᠢ ᠬᠠᠷᠢᠯᠴᠠᠨ᠎ᠠ ᠃ | ᠮᠠᠰᠢᠪᠢᠯᠢᠭ᠌ ᠬᠤᠰᠢᠭᠤ ᠲᠡᠳ᠋ ᠲᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠦᠨᠳᠦᠰᠦᠲᠡᠨ ᠤ ᠬᠡᠷᠡᠭ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ᠂ ᠠᠷᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠦᠨᠳᠦᠰᠦᠲᠡᠨ ᠤ ᠬᠡᠷᠡᠭ ᠶᠠᠪᠤᠳᠠᠯ ᠤᠨ | ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ ︵ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶ ᠶᠢ ᠬᠤᠪᠢᠶᠠᠷᠢᠯᠠᠨ ᠬᠠᠮᠢᠶᠠᠷᠤᠨ᠎ᠠ᠃ | ᠺᠠᠩ ᠷᠦᠢ ᠬᠤᠰᠢᠭᠤ ᠳᠡᠳ᠋ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠨᠤᠲᠤᠭ ᠪᠡᠯᠴᠢᠭᠡᠷ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠤᠰᠤᠨ ᠠᠰᠢᠭᠯᠠᠯᠲᠠ ᠶᠢᠨ ᠲᠣᠪᠴᠢᠶ᠎ᠠ ︵ᠤᠰᠤᠨ ᠠᠰᠢᠭᠯᠠᠯᠲᠠ ᠶᠢᠨ ᠠᠵᠢᠯ ᠦᠢᠯᠡᠰ ᠤᠨ ᠬᠥᠭᠵᠢᠭᠦᠯᠦᠯᠲᠡ ᠶᠢᠨ ᠲᠥᠪ︶᠂ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠲᠥᠪ᠂ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ | ᠲᠥᠪ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︵ᠮᠤᠤᠠᠤᠰᠤ ᠶᠢᠨ | ᠠᠷᠴᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠰᠢᠷᠠᠤ᠋ᠰᠤ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ | ︶᠂ ᠰᠢᠷᠠᠤ᠋ᠰᠤᠨ ᠭᠤᠣᠯ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠬᠥᠭᠵᠢᠭᠦᠯᠬᠦ ᠲᠥᠪ᠂ ᠥᠪᠥᠷ ᠮᠣᠩᠭᠤᠯ ᠤᠨ ᠰᠢᠷᠬᠤᠰᠤ ᠤᠯᠤᠰ ᠤᠨ ᠨᠤᠭᠤ | ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠤᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠤᠰᠤᠨ ᠤ ᠶᠠᠪᠤᠳᠠᠯ ᠤᠨ | ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠮᠤᠤᠠᠤᠰᠤ ᠲᠠᠷᠢᠶᠠᠯᠠᠩ ᠮᠠᠯ ᠠᠵᠤ ᠠᠬᠤᠢ ᠶᠢᠨ ᠪᠡᠯᠡ ᠤᠷᠤᠭᠤᠯᠤᠯᠲᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ ᠢ ᠬᠤᠪᠢᠶᠠᠷᠢᠯᠠᠨ ᠬᠠᠮᠢᠶᠠᠷᠤᠨ᠎ᠠ᠃ | ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠦᠦᠰᠢᠨ ᠬᠤᠪᠢᠶᠠᠷᠢ ᠺᠣᠮᠫᠠᠨᠢ᠂ ᠴᠠᠭ ᠠᠭᠤᠷ ᠤᠨ ᠲᠣᠪᠴᠢᠶ᠎ᠠ ᠲᠠᠢ ᠬᠠᠷᠢᠯᠴᠠᠨ᠎ᠠ᠃ | ᠴᠠᠩ ᠢᠦᠢ ᠵᠢᠶᠦ᠋ᠨ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ | ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠬᠤᠪᠢᠶᠠᠷᠢᠯᠠᠨ | ᠬᠠᠮᠢᠶᠠᠷᠤᠨ᠎ᠠ᠃ | ᠬᠤᠰᠢᠭᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠦᠦᠰᠢᠨ ᠬᠤᠰᠢᠭᠤᠨ ᠤ ᠶᠡᠭᠡ ᠠᠩᠭᠢ ᠲᠠᠢ ᠬᠠᠷᠢᠯᠴᠠᠨ᠎ᠠ ᠃ | ᠹᠠᠨ ᠴᠦᠨ ᠬᠤᠢ ᠬᠤᠰᠢᠭᠤ ᠳᠡᠳ᠋ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠣᠶᠣᠯ ᠵᠢᠭᠤᠯᠴᠢᠯᠠᠯ᠂ ᠡᠷᠡᠭᠦᠯ | ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠂ ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠤᠯᠠᠭᠠᠨᠮᠥ᠋ᠴᠢᠷ᠂ ᠰᠣᠶᠣᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠣᠶᠣᠯ ᠵᠢᠭᠤᠯᠴᠢᠯᠠᠯ ᠤᠨ ᠠᠵᠢᠯ ᠦᠢᠯᠡᠰ ᠤᠨ ᠬᠥᠭᠵᠢᠭᠦᠯᠦᠯᠲᠡ ᠶᠢᠨ ᠲᠥᠪ︶᠂ | ᠰᠢᠷᠬᠤᠰᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ ︵ᠰᠢᠷᠬᠤᠰᠤ ᠪᠣᠷᠣᠳᠣᠬᠤᠢ ᠬᠥᠮᠥᠨ ᠤ ᠰᠣᠶᠣᠯ ᠤᠨ | ᠰᠤᠳᠤᠯᠭᠠᠨ ᠤ ᠲᠥᠪ︶᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ︶᠂ ᠬᠤᠰᠢᠭᠤ ᠡᠮ | ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠰᠢᠷᠬᠤᠰᠤ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠨᠡᠭᠡᠭᠡᠨ ᠬᠥᠭᠵᠢᠭᠦᠯᠤᠯᠲᠡ ᠶᠢᠨ ᠬᠢᠵᠠᠭᠠᠷᠲᠤ | ᠺᠣᠮᠫᠠᠨᠢ ᠢ ᠬᠤᠪᠢᠶᠠᠷᠢᠯᠠᠨ ᠬᠠᠮᠢᠶᠠᠷᠤᠨ᠎ᠠ᠃ | ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠦᠰᠢᠨ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ | ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠳᠠᠮᠵᠢᠭᠤᠯᠬᠤ ᠰᠠᠴᠤᠷᠠᠭᠤᠯᠬᠤ | ᠲᠥᠪ ᠤᠨ ᠦᠦᠰᠢᠨ 854 ᠰᠠᠴᠤᠷᠠᠭᠤᠯᠬᠤ ᠦᠷᠲᠡᠭᠡ ᠵᠡᠷᠭᠡ ᠲᠠᠢ ᠬᠠᠷᠢᠯᠴᠠᠨ᠎ᠠ ᠃ | ᠱᠠ ᠵᠢᠶᠠᠨ ᠬᠤᠰᠢᠭᠤ ᠳᠡᠳ᠋ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠵᠠᠮ ᠬᠠᠷᠢᠯᠴᠠᠭ᠎ᠠ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ᠂ ᠲᠥᠯᠦᠪᠵᠢᠭᠦᠯᠭᠡ᠂ ᠬᠤᠲᠠ ᠶᠢᠨ ᠪᠦᠲᠦᠭᠡᠨ | ᠪᠠᠶᠢᠭᠤᠯᠤᠯᠲᠠ᠂ ᠬᠤᠲᠠ ᠶᠢᠨ ᠬᠠᠤᠯᠢ ᠬᠡᠷᠡᠭᠵᠢᠭᠦᠯᠦᠯᠲᠡ᠂ ᠭᠡᠷ ᠪᠠᠶᠢᠰᠢᠩ ᠲᠠᠲᠠᠪᠤᠷᠢᠯᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ︶᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ︵ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠦᠢᠯᠡᠴᠢᠯᠡᠭᠡᠨ ᠤ ᠲᠥᠪ︶᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ | ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ︶᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠰᠠᠭ ᠤᠨ ᠤᠷᠳᠤᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ᠂ | ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠯᠤᠰ ᠤᠨ ᠥᠮᠴᠢᠯᠡᠯᠲᠦ ᠢᠨᠵᠧᠨᠧᠷᠢᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠢ | ᠬᠤᠪᠢᠶᠠᠷᠢᠯᠠᠨ ᠬᠠᠮᠢᠶᠠᠷᠤᠨ᠎ᠠ᠃ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠦᠦᠰᠢᠨ | ᠬᠤᠰᠢᠭᠤᠨ ᠤ ᠶᠡᠭᠡ ᠠᠩᠭᠢ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠦᠦᠰᠢᠨ ᠬᠤᠰᠢᠭᠤᠨ ᠤ ᠬᠤᠪᠢᠶᠠᠷᠢ ᠲᠥᠪ᠂ | ᠬᠤᠲᠠ ᠶᠢᠨ ᠵᠠᠮ ᠬᠠᠷᠢᠯᠴᠠᠭᠠᠨ ᠤ ᠠᠷᠠᠴᠢᠯᠠᠨ ᠬᠠᠮᠠᠭᠠᠯᠠᠯᠲᠠ ᠶᠢᠨ ᠦᠢᠯᠡᠴᠢᠯᠡᠭᠡᠨ ᠤ ᠲᠥᠪ ᠤᠨ ᠦᠦᠰᠢᠨ ᠵᠠᠰᠠᠮᠠᠯ ᠵᠠᠮ ᠤᠨ ᠠᠵᠢᠯ ᠤᠨ ᠲᠣᠭᠤᠷᠢᠭ᠂ | ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ | ᠬᠤᠰᠢᠭᠤᠨ ᠤ ᠬᠤᠪᠢᠶᠠᠷᠢ ᠺᠣᠮᠫᠠᠨᠢ ᠵᠢᠴᠢ ᠬᠤᠰᠢᠭᠤᠨ ᠳᠤ ᠰᠠᠭᠤᠭ᠎ᠠ ᠵᠠᠮ ᠬᠠᠷᠢᠯᠴᠠᠭ᠎ᠠ ᠲᠡᠭᠡᠭᠡᠪᠦᠷᠢ᠂ ᠪᠠᠷᠠᠭᠠᠨ ᠭᠦᠢᠯᠭᠡᠭᠡᠨ ᠤ ᠠᠵᠤ ᠠᠬᠤᠶᠢᠯᠠᠯ᠂ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠦᠦᠰᠢᠨ ᠬᠤᠰᠢᠭᠤᠨ ᠤ ᠬᠤᠪᠢᠶᠠᠷᠢ ᠲᠥᠪ᠂ ᠬᠤᠲᠠ ᠶᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠤᠨ ᠦᠦᠰᠢᠨ ᠬᠤᠰᠢᠭᠤᠨ ᠤ ᠦᠢᠯᠡᠴᠢᠯᠡᠭᠡᠨ ᠤ ᠬᠡᠯᠲᠡᠰ ᠲᠠᠢ | ᠬᠠᠷᠢᠯᠴᠠᠨ᠎ᠠ ᠃ | ᠮᠢ ᠬᠤᠩ ᠵᠦᠸᠧ ᠬᠤᠰᠢᠭᠤ ᠳᠡᠳ᠋ ᠳᠠᠷᠤᠭ᠎ᠠ | ᠬᠤᠰᠢᠭᠤ ᠳᠡᠳ᠋ ᠳᠠᠷᠤᠭ᠎ᠠ ᠺᠠᠩ ᠷᠦᠢ ᠶᠢᠨ ᠠᠵᠢᠯ ᠢ ᠬᠠᠪᠰᠤᠷᠤᠨ᠎ᠠ᠃ | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2025 ᠣᠨ ᠤ 2 ᠰᠠᠷ᠎ᠠ ᠶᠢᠨ 19 ᠤ ᠡᠳᠦᠷ | | |