ᠡᠨᠡ ᠵᠢᠯ ᠠᠴᠠ ᠨᠠᠭᠠᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠤᠰᠢᠨ ᠬᠤᠰᠢᠭᠤ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ | ᠭᠤᠣᠯ ᠰᠢᠵᠢᠮ ᠲᠠᠢ ᠨᠢᠭᠲᠠ ᠤᠶᠠᠯᠳᠤᠭᠤᠯᠵᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ ᠢᠲᠡᠭᠡᠯ | ᠵᠣᠷᠢᠭ ᠢᠶᠠᠨ ᠪᠠᠲᠤᠳᠬᠠᠵᠤ ᠴᠤᠭ ᠰᠦᠯᠳᠡ ᠪᠠᠨ ᠪᠠᠳᠠᠷᠠᠭᠤᠯᠤᠨ ᠦᠨᠡᠨᠬᠦ ᠠᠳᠬᠤᠨ ᠪᠣᠳᠠᠲᠠᠢ ᠠᠵᠢᠯᠯᠠᠵᠤ ᠡᠷᠡᠯᠬᠡᠭᠯᠡᠨ ᠲᠡᠮᠡᠴᠡᠵᠦ 1 — 2 ᠰᠠᠷ᠎ᠠ ᠶᠢᠨ | ᠠᠵᠤ ᠠᠬᠤᠢ ᠶᠢᠨ ᠡᠷᠬᠢᠯᠲᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠬᠦᠴᠦᠲᠡᠢ ᠨᠡᠮᠡᠭᠳᠡᠪᠡ | 1 — 2 ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 10.6% ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 4.6 ᠬᠤᠪᠢ ᠥᠨᠳᠥᠷ᠂ ᠪᠦᠬᠦ ᠣᠷᠣᠨ | ᠤ ᠬᠢ ᠠᠴᠠ ᠵᠠᠭᠤᠨ ᠤ ᠬᠠᠷᠢᠴᠠᠯ ᠢᠶᠠᠷ 4.8 ᠬᠤᠪᠢ ᠥᠨᠳᠥᠷ᠂ ᠪᠦᠬᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 4.7 ᠬᠤᠪᠢ ᠥᠨᠳᠥᠷ ᠪᠣᠯᠵᠤ᠂ | ᠪᠦᠬᠦ ᠬᠤᠲᠠ ᠶᠢᠨ ᠠᠳᠠᠯᠢ ᠬᠤᠭᠤᠴᠠᠭᠠᠨ ᠤ ᠬᠢ ᠠᠴᠠ ᠬᠤᠶᠠᠷ ᠤᠷᠤᠨ ᠳᠡᠭᠡᠭᠰᠢᠯᠡᠵᠤ᠂ ᠪᠦᠬᠦ ᠬᠤᠲᠠ ᠶᠢᠨ ᠭᠤᠷᠪᠠᠳᠤᠭᠠᠷ ᠲᠤ ᠣᠷᠣᠪᠠ᠃ | ᠭᠤᠷᠪᠠᠨ ᠲᠣᠮᠣ ᠲᠥᠷᠥᠯ ᠠᠴᠠ ᠦᠵᠡᠪᠡᠯ᠄ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.4% ᠪᠠᠷ | ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 43.6% ᠪᠠᠷ ᠨᠡᠮᠡᠭᠳᠡᠪᠡ︔ ᠴᠠᠬᠢᠯᠭᠠᠨ ᠬᠦᠴᠤᠨ᠂ ᠢᠯᠴᠢ | ᠶᠢᠨ ᠬᠦᠴᠤᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 91.3% ᠪᠠᠷ ᠨᠡᠮᠡᠭᠳᠡᠪᠡ᠃ | ᠦᠢᠯᠡᠳᠬᠦᠨ ᠤ ᠭᠠᠷᠤᠯᠲᠠ ᠠᠴᠠ ᠦᠵᠡᠪᠡᠯ᠄ ᠲᠦᠭᠦᠬᠡᠶ ᠨᠡᠭᠦᠷᠡᠰᠦ 773.25 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0. | 14% ᠪᠠᠷ ᠨᠡᠮᠡᠭᠳᠡᠪᠡ︔ ᠨᠠᠷᠢᠯᠢᠭ ᠮᠧᠲ᠋ᠢᠯ ᠠᠯᠺᠣᠣᠯ 187.36 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 83.44% ᠪᠠᠷ | ᠨᠡᠮᠡᠭᠳᠡᠪᠡ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠶ 18.17 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 60.56% ᠪᠠᠷ | ᠨᠡᠮᠡᠭᠳᠡᠪᠡ︔ ᠰᠢᠭᠡᠰᠦᠯᠢᠭ ᠡᠳ᠋ 50.73 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.52% ᠪᠠᠷ ᠨᠡᠮᠡᠭᠳᠡᠪᠡ︔ ᠪᠥᠭᠡᠭᠡᠨᠡᠷᠡᠯ | ᠡᠲ᠋ᠧᠨ 32.25 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 81.57% ᠪᠠᠷ ᠨᠡᠮᠡᠭᠳᠡᠪᠡ︔ ᠪᠥᠭᠡᠭᠡᠨᠡᠷᠡᠯ ᠫᠷᠣᠫᠧᠨ 30.19 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 63.76% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 5.19 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.92% ᠢᠶᠠᠷ ᠨᠡᠮᠡᠭᠳᠡᠪᠡ᠃ | ᠬᠤᠶᠠᠷ᠂ ᠪᠦᠲᠦᠮᠵᠢᠲᠡᠶ ᠪᠡᠯᠡ ᠣᠷᠣᠭᠤᠯᠤᠯᠲᠠ ᠶᠡᠷᠦᠩᠬᠡᠶ ᠳᠡᠭᠡᠨ ᠲᠣᠭᠲᠠᠭᠤᠨ ᠪᠠᠶᠢᠪᠠ | 1 — 2 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23. | 1% ᠪᠠᠷ ᠪᠠᠭᠤᠷᠠᠪᠠ᠃ ᠡᠭᠦᠨ ᠳᠤ᠄ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 28.8% ᠢᠶᠠᠷ | ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 80.5% ᠪᠠᠷ ᠨᠡᠮᠡᠭᠳᠡᠪᠡ᠃ ᠪᠠᠯᠠ | ᠣᠷᠣᠭᠤᠯᠤᠯᠲᠠ ᠶᠢᠨ ᠬᠦᠷᠢᠶᠡᠨ ᠠᠴᠠ ᠦᠵᠡᠪᠡᠯ᠄ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 101.2% | ᠢᠶᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 52.6% ᠪᠠᠷ ᠪᠠᠭᠤᠷᠠᠵᠤ᠂ ᠬᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 77.5% ᠪᠠᠷ ᠪᠠᠭᠤᠷᠠᠪᠠ᠃ | 1 — 2 ᠰᠠᠷ᠎ᠠ ᠳᠤ᠂ ᠪᠥᠬᠦ ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠲᠥᠷᠥᠯ ᠵᠦᠢᠯ 31 ᠪᠠᠶᠢᠵᠤ | ᠂ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 9558 ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 49. | 2% ᠢᠶᠠᠷ ᠨᠡᠮᠡᠭᠳᠡᠪᠡ︔ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 3527 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 48.6% ᠪᠠᠷ ᠨᠡᠮᠡᠭᠳᠡᠪᠡ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ︽ᠳᠤᠯᠠᠭᠠᠨ︾ ᠠᠭᠠᠵᠢᠮ ᠢᠶᠠᠷ ᠨᠡᠮᠡᠭᠳᠡᠵᠤ ᠪᠠᠶᠢᠨ᠎ᠠ | 1 — 2 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 5.9 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠢᠶᠠᠷ ᠨᠡᠮᠡᠭᠳᠡᠨ᠂ ᠪᠥᠬᠦ ᠬᠤᠲᠠ ᠶᠢᠨ ᠳᠥᠷᠪᠡᠳᠦᠭᠡᠷ ᠲᠤ ᠵᠢᠭᠰᠠᠭᠠᠭᠳᠠᠵᠤ᠂ ᠪᠥᠬᠦ | ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠥᠨᠳᠥᠷ᠂ ᠪᠥᠬᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 0.8 ᠬᠤᠪᠢ ᠥᠨᠳᠥᠷ | ᠪᠣᠯᠪᠠ᠃ ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 9210.7 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠂ ᠡᠭᠦᠨ ᠳᠤ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 6912.7 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.6% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 2298 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.4% ᠪᠠᠷ ᠨᠡᠮᠡᠭᠳᠡᠪᠡ᠃ | ᠪᠣᠬᠢᠷᠲᠤᠯ ᠦᠭᠡᠢ᠂ ᠣᠶᠤᠨᠴᠢ ᠲᠥᠷᠥᠯ ᠤᠨ ᠬᠡᠷᠡᠭᠯᠡᠭᠡᠨ ᠤ ᠨᠡᠮᠡᠭᠳᠡᠯ ᠤᠨ ᠪᠠᠶᠢᠳᠠᠯ ᠰᠠᠶᠢᠨ ᠪᠠᠶᠢᠨ᠎ᠠ᠃ ᠮᠠᠰᠢᠨ ᠲᠡᠷᠭᠡᠨ ᠤ ᠲᠥᠷᠥᠯ ᠤᠨ ᠵᠢᠵᠢᠭᠯᠡᠨ | ᠬᠤᠳᠠᠯᠳᠤᠭᠰᠠᠨ ᠲᠤᠭ᠎ᠠ 2707.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.4% ᠪᠠᠷ ᠨᠡᠮᠡᠭᠳᠡᠪᠡ᠂ ᠡᠭᠦᠨ ᠳᠤ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ 1016.3 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 271.6% ᠪᠠᠷ ᠨᠡᠮᠡᠭᠳᠡᠪᠡ︔ ᠤᠶᠤᠨᠴᠢ ᠬᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠪᠠᠭᠠᠵᠢ | ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠲᠤᠭ᠎ᠠ 493.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ | ᠃ | ᠳᠥᠷᠪᠡ᠂ ᠡᠷᠬᠢᠯᠲᠡ ᠶᠢᠨ ᠣᠷᠴᠢᠨ ᠲᠣᠭᠤᠷᠢᠨ ᠲᠣᠭᠲᠠᠭᠤᠨ ᠢᠶᠠᠷ ᠬᠦᠭᠵᠢᠪᠡ | 1 — 2 ᠰᠠᠷ᠎ᠠ ᠳᠤ᠂ ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 15.1 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 106.6% ᠨᠡᠮᠡᠭᠳᠡᠪᠡ᠃ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ | 150 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 122.4% ᠪᠠᠷ ᠨᠡᠮᠡᠭᠳᠡᠪᠡ᠃ | 2 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ︵ᠬᠤᠪᠢᠶᠠᠷᠢ ᠪᠠᠶᠢᠭᠤᠯᠤᠮᠵᠢ ᠶᠢ | ᠪᠠᠭᠲᠠᠭᠠᠨ᠎ᠠ︶ 26484 ᠡᠷᠦᠬᠡ ᠪᠠᠶᠢᠵᠤ᠂ ᠡᠭᠦᠨ ᠳᠤ ᠡᠯ᠎ᠡ ᠲᠥᠷᠥᠯ ᠤᠨ ᠠᠵᠤ ᠠᠬᠤᠶᠢᠯᠠᠯ 6908᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ 18671᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶᠠᠵᠢᠯ 905 ᠪᠣᠶ᠃ | 2 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ | ᠦᠯᠡᠳᠡᠪᠦᠷᠢ 221.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.2% ᠢᠶᠠᠷ ᠨᠡᠮᠡᠭᠳᠡᠵᠡᠶ᠂ ᠡᠭᠦᠨ ᠳᠤ᠄ ᠰᠠᠭᠤᠭᠠᠯᠢ | ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ ᠠᠳᠠᠯᠢ ᠬᠤᠭᠤᠴᠠᠭᠠᠨ ᠤ ᠬᠢ ᠠᠴᠠ 10.2% ᠢᠶᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ | ᠠᠬᠤᠶᠢᠯᠠᠯ ᠤᠨ ᠦᠯᠡᠳᠡᠪᠦᠷᠢ ᠠᠳᠠᠯᠢ ᠬᠤᠭᠤᠴᠠᠭᠠᠨ ᠤ ᠬᠢ ᠠᠴᠠ 37.0% ᠢᠶᠠᠷ ᠨᠡᠮᠡᠭᠳᠡᠪᠡ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 151.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.9% ᠪᠠᠷ ᠪᠠᠭᠤᠷᠠᠪᠠ᠂ ᠡᠭᠦᠨ ᠳᠤ᠄ ᠰᠠᠭᠤᠭᠠᠯᠢ ᠠᠷᠠᠳ ᠤᠨ ᠵᠢᠭᠡᠯᠡᠯᠭᠡ ᠶᠢᠨ ᠦᠯᠡᠳᠡᠪᠦᠷᠢ ᠠᠳᠠᠯᠢ ᠬᠤᠭᠤᠴᠠᠭᠠᠨ ᠤ ᠬᠢ ᠠᠴᠠ | 21.9% ᠪᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠠᠳᠠᠯᠢ ᠬᠤᠭᠤᠴᠠᠭᠠᠨ ᠤ ᠬᠢ ᠠᠴᠠ 20. | 8% ᠢᠶᠠᠷ ᠪᠠᠭᠤᠷᠠᠪᠠ᠃ | ᠶᠡᠷᠦᠩᠬᠡᠶ ᠳᠤᠨᠢ ᠠᠪᠴᠤ ᠦᠵᠡᠪᠡᠯ᠂ 1 — 2 ᠰᠠᠷ᠎ᠠ ᠳᠤ ᠮᠠᠨ ᠤ ᠬᠤᠰᠢᠭᠤᠨ ᠤ ᠠᠵᠤ ᠠᠬᠤᠶ ᠶᠢᠨ ᠡᠷᠬᠢᠯᠲᠡ ᠲᠣᠭᠲᠠᠭᠤᠨ ᠤ ᠳᠤᠮᠳᠠ | ᠤᠷᠤᠭᠰᠢᠯᠠᠨ ᠳᠡᠪᠰᠢᠪᠡ᠃ ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠪᠦᠬᠦ ᠤᠯᠤᠰ ᠤᠨ | ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ | ᠬᠥᠭᠵᠢᠭᠦᠯᠵᠦ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠦᠭᠵᠢᠬᠦᠯᠦᠨ ᠥᠭᠡᠷᠡᠴᠢᠯᠡᠯᠲᠡ ᠨᠡᠭᠡᠭᠡᠯᠳᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠠᠵᠤ | ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠶᠢ ᠲᠠᠰᠤᠷᠠᠯᠲᠠ ᠦᠭᠡᠢ ᠠᠬᠢᠭᠤᠯᠤᠨ᠎ᠠ᠃ | |