ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠦᠨᠳᠦᠰᠦᠲᠡᠨ ᠤ ᠪᠦᠯᠬᠦᠮᠳᠡᠯ ᠢ ᠠᠬᠢᠭᠤᠯᠤᠨ ᠰᠤᠷᠤᠭᠴᠢᠳ ᠤᠨ ᠨᠡᠶᠢᠲᠡᠯᠢᠭ ᠬᠡᠯᠡᠨ ᠤ | ᠬᠢᠷᠢ ᠲᠦᠪᠰᠢᠨ ᠪᠠ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 27 ᠤ ᠡᠳᠦᠷ᠂ ᠦᠦᠰᠢᠨ ᠬᠤᠰᠢᠭᠤᠨ ᠤ | ᠱᠠᠷᠯᠢᠭ ᠪᠠᠭ᠎ᠠ ᠰᠤᠷᠭᠠᠭᠤᠯᠢ ︽ᠬᠡᠥᠬᠡᠳ ᠤᠨ ᠥᠯᠢᠭᠡᠷ ᠤᠨ ᠴᠢᠭᠤᠯᠭᠠᠨ ᠢᠶᠠᠷ ᠬᠦᠰᠡᠯ ᠮᠦᠷᠦᠭᠡᠳᠦᠯ ᠢᠶᠠᠨ ᠲᠡᠷᠭᠡᠯᠰᠢᠭᠦᠯᠦᠶ᠎ᠡ︾ ᠰᠡᠳᠤᠪᠲᠤ ᠥᠯᠢᠭᠡᠷ ᠶᠠᠷᠢᠬᠤ | ᠤᠷᠤᠯᠳᠤᠭᠠᠨ ᠢ ᠡᠷᠭᠢᠯᠠᠨ ᠶᠠᠪᠤᠭᠳᠠᠭᠤᠯᠤᠭᠰᠠᠨ ᠪᠠᠶᠢᠨ᠎ᠠ᠃ | ᠤᠷᠤᠯᠳᠤᠭᠠᠨ ᠳᠤ᠂ ᠪᠢᠴᠢᠬᠠᠨ ᠤᠷᠤᠯᠴᠠᠭᠴᠢ ᠡᠬᠡ ᠤᠯᠤᠰ᠂ ᠨᠠᠮ ᠪᠣᠯᠤᠨ ᠨᠤᠲᠤᠭ ᠤᠰᠤ ᠪᠠᠨ ᠮᠠᠭᠲᠠᠨ ᠳᠠᠭᠤᠯᠠᠬᠤ ᠭᠤᠣᠯ ᠰᠡᠳᠦᠪ ᠲᠠᠢ ᠪᠠᠨ | ᠨᠢᠭᠲᠠ ᠤᠶᠠᠯᠳᠤᠭᠤᠯᠤᠨ ᠠᠬᠠᠮᠠᠳ ᠬᠤᠪᠢᠰᠬᠠᠯᠴᠢᠳ ᠤᠨ ᠪᠠᠭᠠᠲᠤᠷᠯᠢᠭ ᠦᠢᠯᠡ ᠠᠵᠢᠯᠯᠠᠭ᠎ᠠ ᠪᠠ ᠨᠤᠲᠤᠭ ᠤᠰᠤᠨ ᠤ ᠪᠠᠨ ᠬᠥᠭᠵᠢᠯᠲᠡ ᠬᠤᠪᠢᠷᠠᠯᠲᠠ ᠶᠢ | ᠮᠠᠭᠲᠠᠨ ᠲᠠᠭᠤᠯᠠᠭᠰᠠᠨ ᠥᠯᠢᠭᠡᠷ ᠤᠴᠢᠷ ᠢ ᠶᠠᠷᠢᠬᠤ ᠠᠴᠠ ᠭᠠᠳᠠᠨ᠎ᠠ᠂ ᠵᠠᠷᠢᠮ ᠤᠷᠤᠯᠴᠠᠭᠴᠢ ᠤᠤᠭᠠᠯ ᠡᠭᠦᠲᠦᠯᠲᠡ ᠶᠢᠨ ᠦᠯᠢᠭᠡᠷ ᠢᠶᠠᠨ ᠲᠡᠯᠭᠡᠵᠤ᠂ | ᠠᠮᠢᠳᠤᠯᠢᠭ ᠮᠥᠷᠲᠡᠭᠡᠨ ᠴᠢᠩ ᠦᠨᠡᠨᠴᠢ ᠰᠡᠳᠬᠢᠯᠭᠡ ᠪᠠᠷ ᠰᠢᠯᠭᠠᠷᠠᠭᠤᠯᠬᠤ ᠺᠣᠮᠢᠰ ᠪᠠ ᠦᠵᠡᠭᠴᠢᠳ ᠤᠨ ᠰᠠᠶᠢᠰᠢᠶᠠᠯ ᠢ ᠤᠯᠪᠠ᠃ ᠤᠷᠤᠯᠴᠠᠭᠴᠢᠳ ᠪᠦᠬᠦ | ᠶᠠᠪᠤᠴᠠ ᠳᠤ ᠨᠡᠶᠢᠲᠡᠯᠢᠭ ᠬᠡᠯᠡ ᠪᠠᠷ ᠤᠷᠤᠰᠤᠮ᠎ᠠ ᠲᠤᠳᠤ ᠠᠪᠢᠶᠠᠯᠠᠵᠤ ᠲᠤᠪᠤᠶᠢᠮ᠎ᠠ ᠰᠡᠳᠬᠢᠯᠭᠡ ᠲᠠᠢ ᠪᠠᠷ ᠦᠭᠡ ᠬᠡᠯᠡ ᠤᠷ᠎ᠠ ᠮᠡᠷᠭᠡᠵᠢᠯ ᠪᠣᠯᠤᠨ ᠪᠡᠶ᠎ᠡ ᠶᠢᠨ | ᠬᠥᠳᠡᠯᠭᠡᠭᠡᠨ ᠢ ᠤᠷᠠᠨ ᠢᠶᠠᠷ ᠤᠶᠠᠯᠳᠤᠭᠤᠯᠤᠨ ᠦᠯᠢᠭᠡᠷ ᠢ ᠨᠡᠩ ᠠᠮᠢᠳᠤᠯᠢᠭ ᠰᠣᠨᠢᠷᠬᠠᠯᠲᠠᠶ ᠪᠣᠯᠭᠠᠪᠠ᠃ | ᠰᠢᠯᠭᠠᠷᠠᠭᠤᠯᠬᠤ ᠺᠣᠮᠢᠰ ᠠᠴᠠ ᠡᠷᠬᠡ ᠲᠡᠭᠰᠢ᠂ ᠲᠥᠪ ᠭᠤᠤᠯᠴᠢ᠂ ᠢᠯᠡ ᠲᠤᠳᠤ ᠵᠠᠷᠴᠢᠮ ᠢ ᠪᠠᠷᠢᠮᠲᠠᠯᠠᠵᠤ᠂ ᠭᠤᠤᠯ ᠰᠡᠳᠦᠪ ᠲᠠᠢ ᠲᠣᠬᠢᠷᠠᠯᠴᠠᠬᠤ | ᠬᠡᠮᠵᠢᠶ᠎ᠡ᠂ ᠠᠭᠤᠯᠭ᠎ᠠ ᠶᠢᠨ ᠪᠠᠶᠠᠯᠢᠭ ᠴᠢᠨᠠᠷ᠂ ᠦᠭᠡ ᠬᠡᠯᠡᠨ ᠤ ᠤᠷᠤᠰᠤᠮ᠎ᠠ ᠲᠤᠳᠤ ᠬᠡᠮᠵᠢᠶ᠎ᠡ᠂ ᠬᠠᠶᠢᠷ᠎ᠠ ᠰᠡᠳᠬᠢᠯᠭᠡ ᠶᠢᠨ ᠨᠥᠯᠥᠭᠡᠯᠡᠬᠦ ᠬᠦᠴᠦᠨ ᠪᠣᠯᠤᠨ | ᠲᠠᠶᠢᠰᠠᠨ ᠤ ᠤᠷᠠᠯᠢᠭ ᠤᠨ ᠪᠠᠶᠢᠳᠠᠯ ᠵᠡᠷᠭᠡ ᠣᠯᠠᠨ ᠲᠠᠯ᠎ᠠ ᠠᠴᠠ ᠤᠷᠤᠯᠴᠠᠭᠴᠢᠳ ᠲᠤ ᠬᠤᠪᠢ ᠤᠯᠭᠤᠪᠠ᠃ | ᠲᠣᠰ ᠤᠳᠠᠭᠠᠨ ᠤ ᠤᠷᠤᠯᠳᠤᠭᠠᠨ ᠨᠢ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ | ᠥᠬᠡᠶ ᠰᠤᠷᠤᠭᠴᠢᠳ ᠢ ᠳᠠᠶᠢᠴᠢᠯᠠᠨ ᠠᠭᠤᠯᠭ᠎ᠠ ᠪᠠᠶᠠᠯᠢᠭ ᠤᠳᠬ᠎ᠠ ᠭᠦᠨᠵᠡᠭᠡᠢ ᠥᠯᠢᠭᠡᠷ ᠶᠠᠷᠢᠵᠦ ᠰᠤᠨᠤᠰᠬᠤ ᠶᠢᠨ ᠤᠯᠠᠮ ᠠᠴᠠ᠂ ᠤᠯᠤᠰ ᠤᠷᠤᠨ ᠢᠶᠠᠨ | ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠵᠦ ᠦᠭᠡ ᠬᠡᠯᠡᠨ ᠤ ᠶᠠᠷᠢᠵᠤ ᠢᠯᠡᠳᠬᠡᠬᠦ ᠴᠢᠳᠠᠪᠤᠷᠢ ᠪᠠ ᠶᠡᠷᠦᠩᠬᠡᠶᠢᠯᠡᠭᠰᠡᠨ ᠦᠢᠯᠡᠳᠦᠯᠭᠡ ᠶᠢᠨ ᠴᠢᠳᠠᠪᠤᠷᠢ ᠶᠢ | ᠳᠡᠭᠡᠭᠰᠢᠯᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠢᠶᠠᠷ ᠱᠠᠷᠯᠢᠭ ᠪᠠᠭ᠎ᠠ ᠰᠤᠷᠭᠠᠭᠤᠯᠢ ᠨᠢ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ | ᠦᠷᠭᠦᠯᠵᠢᠯᠡᠨ ᠢᠳᠡᠪᠬᠢᠲᠡᠢ ᠥᠷᠨᠢᠭᠦᠯᠵᠦ᠂ ᠰᠤᠷᠤᠭᠴᠢᠳ ᠤᠨ ᠪᠥᠬᠦ ᠲᠠᠯ᠎ᠠ ᠪᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠵᠦ ᠰᠤᠷᠤᠭᠴᠢᠳ ᠲᠤ | ᠥᠪᠡᠷ ᠢ ᠪᠠᠨ ᠲᠠᠨᠢᠵᠤ ᠤᠶᠢᠯᠠᠭᠠᠨ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠬᠦ᠂ ᠤᠯᠤᠰ ᠤᠷᠤᠨ ᠤ ᠤᠯᠠᠮᠵᠢᠯᠠᠯᠲᠤ ᠰᠠᠶᠢᠬᠠᠨ ᠰᠣᠶᠣᠯ ᠤᠷᠠᠯᠢᠭ ᠢ | ᠤᠯᠠᠮᠵᠢᠯᠠᠨ ᠵᠠᠯᠭᠠᠮᠵᠢᠯᠠᠬᠤ ᠲᠠᠪᠴᠠᠩ ᠬᠠᠩᠭᠠᠨ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠦᠨᠳᠦᠰᠦᠲᠡᠨ ᠤ ᠣᠮᠣᠭᠰᠢᠯᠲᠤ | ᠰᠡᠳᠬᠢᠯᠭᠡ ᠶᠢ ᠤᠯᠠᠮ ᠬᠦᠭᠵᠢᠭᠡᠬᠦ ᠪᠠᠷ ᠲᠦᠯᠦᠪᠯᠡᠵᠤ ᠪᠠᠶᠢᠨ᠎ᠠ᠃ | | ᠰᠤᠷᠪᠤᠯᠵᠢᠯᠠᠭᠴᠢ᠄ ᠷᠢᠸᠠᠳᠢ᠂ ᠶᠠᠨ ᠸᠧᠢ᠂ ᠷᠧᠨ ᠰᠢᠤᠸᠠᠨ |