4 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶ᠎ᠠ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠬᠤᠰᠢᠭᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠣᠶᠢᠯᠠᠭᠠᠵᠤ᠂ | ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠰᠤᠷᠲᠠᠯ ᠤᠨ | ᠪᠠᠶᠢᠭᠤᠯᠤᠯᠲᠠ ᠶᠢ ᠲᠠᠰᠤᠷᠠᠯᠲᠠ ᠥᠬᠡᠶ ᠪᠠᠬᠢᠵᠢᠭᠦᠯᠦᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠵᠢᠴᠢ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠤᠪᠤᠷᠭ᠎ᠠ | ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠤᠳᠤᠷᠢᠳᠬᠤ ᠪᠠᠭ ᠤᠨ ᠪᠦᠷᠢᠯᠳᠦᠬᠦᠨ ᠣᠷᠣᠯᠴᠠᠭᠰᠠᠨ ᠪᠠᠶᠢᠨ᠎ᠠ᠃ | | | | | | ᠨᠣᠮ ᠤᠩᠰᠢᠬᠤ ᠠᠩᠭᠢ ᠶᠢ ᠲᠤᠰᠬᠠᠶ ᠰᠡᠳᠦᠪᠲᠦ ᠲᠠᠶᠢᠯᠤᠮᠵᠢ ᠬᠢᠬᠦ᠂ ᠲᠥᠪᠯᠡᠷᠡᠭᠦᠯᠦᠨ ᠰᠤᠷᠤᠯᠴᠠᠬᠤ ᠥᠪᠡᠷ ᠢᠶᠠᠨ ᠰᠤᠷᠬᠤ ᠶᠢ ᠤᠶᠠᠯᠳᠤᠭᠤᠯᠬᠤ | ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠬᠤᠶᠠᠷ ᠡᠳᠦᠷ ᠤᠨ ᠲᠤᠷᠰᠢ ᠨᠣᠮ ᠤᠩᠰᠢᠬᠤ ᠠᠩᠭᠢ ᠳᠤ ᠣᠷᠣᠯᠴᠠᠭᠰᠠᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠰᠤᠷᠤᠯᠴᠠᠬᠤ ᠲᠠᠶᠢᠯᠤᠮᠵᠢ ᠵᠢᠯᠤᠭᠤᠳᠤᠯᠭ᠎ᠠ ᠶᠢ ᠨᠠᠷᠢᠨ | ᠬᠢᠨᠠᠮᠠᠭᠠᠶ ᠰᠤᠨᠣᠰᠴᠤ᠂ ᠥᠪᠡᠷ ᠢᠶᠠᠨ ᠰᠤᠷᠬᠤ᠂ ᠳᠠᠭᠠᠭᠤᠯᠤᠨ ᠰᠤᠷᠤᠯᠴᠠᠬᠤ ᠵᠡᠷᠭᠡ ᠬᠡᠯᠪᠡᠷᠢ ᠪᠠᠷ ᠭᠦᠨᠵᠡᠭᠡᠶ ᠰᠤᠷᠤᠯᠴᠠᠨ ᠤᠶᠢᠯᠠᠭᠠᠵᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠭᠰᠠᠨ ᠪᠠᠶᠢᠨ᠎ᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠡᠪᠲᠡᠷᠬᠡᠢ ᠣᠶᠢᠯᠠᠭᠠᠵᠤ ᠲᠥᠪ ᠤᠨ | ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠰᠤᠷᠤᠯᠴᠠᠯᠭ᠎ᠠ ᠬᠥᠮᠦᠵᠢᠯ ᠢ | ᠦᠵᠡᠯ ᠰᠠᠨᠠᠭ᠎ᠠ ᠦᠢᠯᠡ ᠠᠵᠢᠯᠯᠠᠭ᠎ᠠ ᠳᠠᠭᠠᠨ ᠦᠨᠡᠨᠬᠦ ᠠᠭᠤᠰᠬᠠᠵᠤ᠂ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ | ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠤ | ᠰᠤᠷᠤᠯᠴᠠᠯᠭ᠎ᠠ ᠪᠠᠷ ᠪᠠᠶᠢᠴᠠᠭᠠᠯᠲᠠ ᠶᠢ ᠠᠬᠢᠭᠤᠯᠤᠨ ᠪᠠᠶᠢᠴᠠᠭᠠᠯᠲᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ ᠴᠢᠨᠠᠷᠵᠢᠭᠤᠨ ᠰᠤᠷᠤᠯᠴᠠᠵᠤ ᠡᠷᠴᠢᠮ | ᠲᠠᠢ ᠪᠠᠶᠢᠴᠠᠭᠠᠨ ᠦᠷ᠎ᠡ ᠪᠦᠲᠦᠮᠵᠢ ᠲᠠᠢ ᠥᠭᠡᠷᠡᠴᠢᠯᠡᠬᠦ ᠶᠢ ᠪᠠᠲᠤᠯᠠᠵᠤ ᠰᠢᠯᠢᠳᠡᠭ ᠰᠤᠷᠲᠠᠯ ᠢᠶᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠦᠢᠯᠡᠴᠢᠯᠡᠬᠦ ᠬᠡᠷᠡᠭᠲᠡᠶ᠃ ᠰᠢᠶᠠᠨ ᠤ ᠲᠡᠰ ᠤᠨ ᠤᠳᠤᠷᠢᠳᠬᠤ ᠨᠥᠬᠦᠳ ᠵᠢᠱᠢᠶ᠎ᠡ ᠦᠵᠡᠭᠦᠯᠵᠦ ᠳᠠᠶᠢᠴᠢᠯᠠᠨ ᠳᠠᠭᠠᠭᠤᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠨᠢ ᠣᠶᠢᠯᠠᠭᠠᠨ᠂ ᠡᠯ᠎ᠡ ᠱᠠᠲᠤᠨ ᠤ ᠨᠠᠮ ᠤᠨ ᠭᠡᠰᠢᠭᠦᠨ᠂ | ᠺᠠᠳ᠋ᠷᠴᠤᠳ ᠲᠤ ᠦᠯᠢᠭᠡᠷ ᠳᠠᠭᠤᠷᠢᠶᠠᠯ ᠦᠵᠡᠭᠦᠯᠵᠦ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ | ᠬᠡᠷᠡᠭᠲᠡᠢ ᠭᠡᠰᠡᠨ ᠪᠠᠶᠢᠨ᠎ᠠ᠃ | | ᠰᠣᠷᠪᠣᠯᠵᠢᠯᠠᠭᠴᠢ᠄ ᠬᠠᠰᠰᠡᠴᠡᠨ |