ᠭᠠᠯᠠᠭᠤᠳᠤ ᠪᠠᠯᠭᠠᠰᠤᠨ ᠤ ᠤᠢ ᠰᠢᠭᠤᠢ ᠶᠢᠨ ᠠᠵᠢᠯ ᠤᠨ ᠥᠷᠲᠡᠭᠡᠨ ᠤ ᠳᠠᠷᠤᠭ᠎ᠠ ᠲᠡᠮᠦᠷᠪᠠᠭᠠᠨ᠎ᠠ 2003 ᠣᠨ ᠠᠴᠠ ᠦᠨᠳᠤᠰᠣᠨ ᠱᠠᠳᠤᠨ ᠳᠤ | ᠬᠦᠨᠵᠡᠭᠡᠶᠢᠷᠡᠨ ᠡᠯᠡᠰᠦ ᠶᠢ ᠵᠠᠰᠠᠵᠤ ᠣᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠵᠡᠷᠭᠡ ᠠᠵᠢᠯ ᠳᠤ ᠢᠳᠡᠪᠬᠢᠲᠡᠢ ᠤᠷᠤᠯᠴᠠᠵᠤ ᠤᠷᠤᠨ | ᠨᠣᠳᠤᠭ ᠤᠨ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠳᠤ ᠦᠪᠡᠷ ᠤᠨ ᠭᠡᠰᠡᠨ ᠬᠦᠴᠦ ᠪᠠᠨ ᠡᠷᠬᠦᠵᠦ ᠶᠠᠪᠤᠨ᠎ᠠ᠃ | ︽ᠵᠢᠯ ᠤᠨ ᠠᠵᠢᠯ ᠬᠠᠪᠤᠷ ᠲᠤ ᠪᠠᠨ︾ ᠭᠡᠳᠡᠭᠴᠢᠯᠡᠨ ᠬᠠᠪᠤᠷ ᠤᠨ ᠤᠷᠢᠨ ᠪᠤᠯᠵᠤ ᠬᠠᠶᠢᠯ ᠤᠷᠤᠰᠬᠤ ᠶᠢᠨ ᠴᠠᠭ ᠢᠶᠠᠷ ᠭᠠᠯᠠᠭᠤᠳᠤ ᠪᠠᠯᠭᠠᠰᠤᠨ ᠤ ᠬᠢᠨ | 2025 ᠣᠨ ᠤ ᠬᠠᠪᠤᠷ ᠤᠨ ᠤᠶᠢᠵᠢᠭᠤᠯᠤᠯᠳᠠ ᠶᠢᠨ ᠠᠵᠢᠯ ᠢᠶᠠᠨ ᠡᠬᠢᠯᠡᠨ ᠬᠢᠯ᠎ᠡ᠃ ᠡᠨᠡ ᠡᠳᠤᠷ ᠲᠠᠮᠤᠷᠪᠠᠭᠠᠨ᠎ᠠ ᠮᠠᠯᠴᠢᠨ ᠲᠦᠮᠡᠨ ᠢᠶᠠᠨ ᠵᠤᠬᠢᠶᠠᠨ | ᠪᠠᠶᠢᠭᠤᠯᠵᠤ ᠬᠦᠭᠡᠨᠡᠭᠤᠷ ᠭᠠᠴᠠᠭᠠᠨ ᠤ ᠤᠶᠢᠵᠢᠭᠤᠯᠤᠯᠳᠠ ᠶᠢᠨ ᠴᠡᠭ ᠲᠤ ᠤᠶᠢᠵᠢᠭᠤᠯᠤᠯᠳᠠ ᠬᠢᠭᠡᠳ ᠶᠠᠭᠠᠷᠠᠵᠤ ᠪᠠᠶᠢᠯ᠎ᠠ᠃ | 20 ᠭᠠᠷᠤᠢ ᠵᠢᠯ ᠤᠨ ᠲᠤᠷᠰᠢ ᠲᠠᠮᠤᠷᠪᠠᠭᠠᠨ᠎ᠠ ᠡᠯᠡᠰᠦ ᠶᠢ ᠵᠠᠰᠠᠵᠤ ᠣᠶᠢᠵᠢᠭᠤᠯᠬᠤ ᠠᠵᠢᠯ ᠤᠨ ᠲᠤᠮᠲᠠ ᠦᠪᠡᠷ ᠤᠨ ᠰᠣᠷᠣᠭᠰᠠᠨ ᠮᠡᠳᠡᠯᠭᠡ ᠪᠠᠨ | ᠮᠤᠤᠠᠤᠰᠤ ᠶᠢᠨ ᠡᠯᠡᠰᠦᠷᠬᠡᠭ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠮᠠᠨ ᠤ ᠬᠤᠰᠢᠭᠤᠨ ᠤ ᠣᠶ ᠰᠢᠭᠤᠢ ᠶᠢᠨ ᠣᠳᠣᠬᠢ ᠪᠠᠶᠢᠳᠠᠯ᠂ ᠠᠭᠤᠷ | ᠠᠮᠢᠰᠬᠤᠯ ᠤᠨ ᠬᠤᠪᠢᠷᠠᠯᠲᠠ᠂ ᠬᠥᠷᠥᠰᠥ ᠰᠢᠷᠣᠢ ᠶᠢᠨ ᠨᠥᠬᠦᠴᠡᠯ᠂ ᠤᠷᠭᠤᠮᠠᠯ ᠤᠨ ᠬᠤᠴᠢᠯᠭ᠎ᠠ ᠶᠢᠨ ᠤᠷᠭᠤᠯᠲᠠ ᠶᠢᠨ ᠪᠠᠶᠢᠳᠠᠯ᠂ ᠬᠤᠷᠣᠬᠠᠢ ᠰᠢᠪᠠᠵᠢ ᠶᠢᠨ | ᠭᠠᠮᠰᠢᠭ ᠡᠭᠦᠰᠬᠦ ᠵᠢᠮ᠎ᠡ ᠶᠣᠰᠣ ᠵᠢᠴᠢ ᠲᠡᠭᠦᠨ ᠤ ᠬᠥᠨᠥᠭᠡᠯᠳᠦ ᠴᠢᠨᠠᠷ ᠲᠤ ᠨᠢ ᠰᠤᠳᠤᠯᠤᠯᠲᠠ ᠬᠢᠭᠰᠡᠨ ᠤ ᠬᠠᠮᠳᠤ ᠤᠷᠢᠳ ᠬᠤᠵᠢᠳ ︽ᠦᠦᠰᠢᠨ ᠤ | ᠬᠡᠭᠡᠷ᠎ᠡ ᠶᠢᠨ ᠠᠮᠢᠲᠠᠨ ᠤᠷᠭᠤᠮᠠᠯ︾᠂ ︽ᠮᠤᠤᠠᠤᠰᠤ ᠶᠢᠨ ᠡᠯᠡᠰᠦᠷᠬᠡᠭ ᠭᠠᠵᠠᠷ ᠤᠨ ᠡᠮ ᠤᠨ ᠮᠠᠲ᠋ᠧᠷᠢᠶᠠᠯ ᠤᠨ ᠡᠬᠢ ᠪᠠᠶᠠᠯᠢᠭ︾ ᠭᠡᠬᠦ ᠬᠤᠶᠠᠷ ᠨᠣᠮ ᠢ | ᠬᠡᠪᠯᠡᠭᠦᠯᠦᠭᠰᠡᠨ ᠪᠠᠶᠢᠨ᠎ᠠ᠃ | ᠲᠡᠮᠦᠷᠪᠠᠭᠠᠨ᠎ᠠ ᠶᠢᠨ ᠡᠭᠦᠳᠤᠨ ᠭᠠᠷᠭᠠᠭᠰᠠᠨ ︽ᠦᠷ᠎ᠡ ᠰᠠᠴᠤᠬᠤ ᠮᠠᠰᠢᠨ︾᠂ ︽ᠡᠯᠡᠰᠦᠷᠬᠡᠭ ᠭᠠᠵᠠᠷ ᠲᠤ ᠳᠠᠷᠢᠬᠤ ᠳᠤ ᠬᠡᠷᠡᠭᠯᠡᠬᠦ ᠠᠭᠠᠷ ᠤᠨ | ᠤᠷᠤᠰᠬᠠᠯᠲᠤ ᠪᠤᠷᠭᠠᠰᠤ ᠳᠠᠷᠢᠬᠤ ᠲᠥᠬᠦᠭᠡᠷᠦᠮᠵᠢ︾ ᠵᠡᠷᠭᠡ 4 ᠵᠦᠢᠯ ᠤᠨ ᠡᠯᠡᠰᠦᠷᠬᠡᠭ ᠭᠠᠵᠠᠷ ᠢ ᠣᠶᠢᠵᠢᠭᠤᠯᠬᠤ ᠮᠠᠰᠢᠨ ᠲᠦᠭᠦᠭᠡᠷᠤᠮᠵᠢ ᠨᠢ ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠬᠡᠷᠡᠭᠯᠡᠭᠡᠨ ᠤ ᠰᠢᠨ᠎ᠡ ᠬᠡᠯᠪᠡᠷᠢ ᠶᠢᠨ | ᠲᠤᠰᠬᠠᠢ ᠠᠰᠢᠭ ᠪᠣᠯᠣᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ ᠱᠠᠩᠨᠠᠯ ᠢ ᠬᠦᠷᠲᠡᠵᠡᠢ᠃ | | ᠲᠡᠮᠦᠷᠪᠠᠭᠠᠨ᠎ᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠷ᠎ᠡ ᠠᠰᠢᠭ ᠢ ᠲᠡᠭᠡᠭᠰᠢᠯᠡᠭᠦᠯᠵᠦ᠂ ᠣᠶᠢᠵᠢᠭᠤᠯᠤᠯᠲᠠ ᠶᠢᠨ ᠥᠪᠡᠷ ᠤᠨ | ᠥᠷᠲᠡᠭ ᠢ ᠨᠡᠶᠢᠲᠡ 20% ᠣᠷᠴᠢᠮ ᠠᠷᠪᠢᠯᠠᠵᠤ᠂ ᠣᠶᠢᠵᠢᠭᠤᠯᠤᠯᠲᠠ ᠶᠢᠨ ᠠᠵᠤ ᠠᠬᠤᠢ ᠶᠢᠨ ᠣᠷᠣᠯᠭ᠎ᠠ ᠶᠢ ᠬᠥᠮᠥᠨ ᠳᠤᠮᠳᠠᠴᠢ ᠪᠠᠷ 2300 ᠲᠥᠭᠦᠷᠢᠭ | ᠨᠡᠮᠡᠭᠳᠡᠭᠦᠯᠵᠡᠢ᠃ | ᠲᠡᠮᠦᠷᠪᠠᠭᠠᠨ᠎ᠠ ᠤᠭ ᠰᠠᠨᠠᠭ᠎ᠠ ᠪᠠᠨ ᠥᠯᠦ ᠮᠡᠷᠳᠡᠨ᠂ ᠡᠭᠦᠷᠭᠡ ᠬᠠᠷᠢᠭᠤᠴᠠᠯᠭ᠎ᠠ ᠪᠠᠨ ᠪᠠᠳᠥ ᠴᠡᠭᠡᠵᠢᠯᠡᠵᠦ᠂ ᠥᠪᠡᠷ ᠤᠨ ᠰᠢᠷᠭᠠᠭᠤ | ᠴᠢᠷᠮᠠᠶᠢᠯᠭ᠎ᠠ ᠪᠠᠷ ᠢᠶᠠᠨ ᠤᠷᠤᠨ ᠨᠣᠳᠤᠭ ᠤᠨ ᠢᠶᠠᠨ ᠤᠶᠢᠵᠢᠭᠤᠯᠤᠯᠳᠠ ᠶᠢᠨ ᠠᠵᠢᠯ ᠪᠤᠶᠣ ᠨᠤᠮᠢᠨ ᠲᠠᠩᠰᠤᠭ ᠦᠤᠰᠢᠨ ᠤ ᠠᠮᠢ ᠠᠬᠤᠢ ᠶᠢᠨ ᠪᠦᠳᠤᠭᠡᠨ | ᠪᠠᠶᠢᠭᠤᠯᠤᠯᠳᠠ ᠳᠤ ᠴᠢᠷᠮᠠᠶᠢᠨ ᠠᠵᠢᠯᠯᠠᠭᠰᠠᠭᠠᠷ ᠪᠠᠶᠢᠨ᠎ᠠ᠃ | | | ᠰᠤᠷᠪᠤᠯᠵᠢᠯᠠᠭᠴᠢ᠄ ᠪᠤᠶᠠᠨᠳᠤ᠂ ᠲᠠᠸᠠᠩᠨᠤᠷᠪᠤ |