4 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠰᠢᠤᠸᠠᠢ ᠹᠧᠩ ᠭᠠᠯᠠᠭᠤᠲᠣ ᠰᠤᠷᠭᠠᠭᠤᠯᠢ᠂ ᠬᠤᠶᠠᠳᠤᠭᠠᠷ | ᠬᠡᠦᠬᠡᠳ ᠤᠨ ᠴᠡᠴᠡᠷᠯᠢᠭ᠂ ᠬᠤᠶᠠᠳᠤᠭᠠᠷ ᠪᠠᠭ᠎ᠠ ᠰᠤᠷᠭᠠᠭᠤᠯᠢ ᠪᠠ ᠰᠢᠨ᠎ᠡ ᠪᠠᠷ ᠪᠠᠶᠢᠭᠤᠯᠵᠤ ᠪᠠᠶᠢᠭ᠎ᠠ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠬᠦᠷᠴᠤ ᠰᠤᠷᠭᠠᠨ ᠬᠦᠮᠦᠵᠢᠯ ᠵᠢᠭᠠᠨ ᠰᠤᠷᠭᠠᠯᠲᠠ᠂ ᠠᠩᠬ᠎ᠠ ᠲᠣᠮᠳᠠᠲᠣ ᠪᠠ ᠦᠨᠳᠦᠷ ᠲᠣᠮᠳᠠᠲᠣ ᠶᠢᠨ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ᠂ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠭᠴᠠᠯᠠᠬᠤ ᠬᠥᠮᠦᠵᠢᠯ ᠵᠢᠴᠢ ︽ᠰᠤᠷᠭᠠᠭᠤᠯᠢ ᠶᠢᠨ ᠬᠦᠷᠢᠶᠡᠨ ᠤ ᠬᠤᠭᠤᠯᠠ ᠪᠣᠳᠠᠭ᠎ᠠ︾ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ | ᠪᠠᠶᠢᠨ᠎ᠠ᠃ | | | | | | ᠸᠠᠩ ᠰᠢᠤᠸᠠᠢ ᠹᠧᠩ ᠲᠣᠬᠠᠢ ᠶᠢᠨ ᠭᠠᠵᠠᠷ ᠲᠤ ᠬᠠᠮᠢᠶ᠎ᠠ ᠪᠦᠬᠦᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ | ᠬᠡᠯᠡᠬᠦ ᠳᠤ ᠪᠠᠨ᠂ ᠰᠤᠷᠭᠠᠨ ᠬᠥᠮᠦᠵᠢᠯ ᠤᠨ ᠦᠢᠯᠡᠰ ᠪᠣᠯ ︽ᠲᠡᠷᠢᠭᠦᠨ ᠴᠢᠬᠤᠯᠠ ᠢᠨᠵᠧᠨᠧᠷᠢᠩ︾ ᠮᠥᠨ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ | ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠶᠢᠨ ᠬᠠᠮᠲᠣ᠂ ᠠᠩᠬ᠎ᠠ ᠲᠣᠮᠳᠠᠲᠣ ᠪᠠ ᠦᠨᠳᠦᠷ ᠲᠣᠮᠳᠠᠲᠣ ᠳᠤ ᠰᠣᠷᠣᠭᠴᠢ ᠡᠯᠰᠡᠬᠦ ᠰᠢᠯᠭᠠᠯᠲᠠ ᠶᠢᠨ | ᠥᠭᠡᠷᠡᠴᠢᠯᠡᠯᠲᠡ ᠳᠤ ᠵᠣᠬᠢᠴᠠᠭᠤᠯᠤᠨ ᠰᠤᠷᠭᠠᠭᠤᠯᠢ ᠡᠷᠭᠢᠯᠡᠬᠦ ᠵᠠᠭᠪᠤᠷ ᠤᠨ ᠰᠢᠨ᠎ᠡ ᠶᠢ ᠡᠭᠦᠳᠬᠦ᠂ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠤᠨ | ᠬᠤᠪᠢᠷᠠᠯᠲᠠ ᠶᠢ ᠲᠦᠯᠬᠢᠨ ᠠᠬᠢᠭᠤᠯᠬᠤ ᠶᠢ ᠴᠢᠩᠭᠠᠳᠬᠠᠵᠤ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ | ᠠᠬᠢᠭᠤᠯᠤᠨ ᠥᠪᠥᠷ ᠮᠣᠩᠭᠤᠯ ᠤᠨ ᠪᠠᠷᠠᠭᠤᠨ ᠣᠷᠣᠨ ᠤ ᠰᠤᠷᠭᠠᠨ ᠬᠥᠮᠦᠵᠢᠯ ᠤᠨ ᠬᠦᠴᠦᠷᠬᠡᠭ ᠬᠤᠰᠢᠭᠤ ᠶᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃ | ᠸᠠᠩ ᠰᠢᠤᠸᠠᠢ ᠹᠧᠩ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠥᠮᠦᠵᠢᠯ ᠢ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ | ᠰᠣᠶᠣᠯ ᠤᠨ ᠠᠵᠢᠯᠯᠠᠭ᠎ᠠ ᠪᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠵᠢᠭᠠᠨ ᠰᠤᠷᠭᠠᠬᠤ ᠠᠭᠤᠯᠭ᠎ᠠ ᠶᠢ ᠪᠠᠶᠠᠯᠢᠭᠵᠢᠭᠤᠯᠬᠤ ᠬᠡᠷᠡᠭᠲᠡᠢ᠃ ᠴᠠᠭ ᠦᠶ᠎ᠡ ᠶᠢᠨ | ᠬᠥᠭᠵᠢᠯᠲᠡ ᠪᠠ ᠰᠤᠷᠤᠭᠴᠢᠳ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠮᠠᠨ ᠤ ᠬᠤᠰᠢᠭᠤᠨ ᠤ ᠬᠤᠪᠢᠰᠬᠠᠯ ᠤᠨ ᠡᠬᠢ ᠪᠠᠶᠠᠯᠢᠭ᠂ ᠰᠢᠯᠢᠳᠡᠭ | ᠤᠯᠠᠮᠵᠢᠯᠠᠯᠲᠤ ᠰᠣᠶᠣᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠠᠰᠢᠭᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ | ᠰᠤᠷᠭᠠᠯᠲᠠ ᠳᠤ ᠠᠭᠤᠰᠬᠠᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠣᠷᠣᠨ ᠨᠤᠲᠤᠭ ᠤᠨ ᠣᠨᠴᠠᠯᠢᠭ ᠪᠠ ᠲᠠᠲᠠᠬᠤ ᠬᠦᠴᠦᠨ ᠲᠠᠢ ᠪᠣᠯᠭᠠᠵᠣ ︽ | ᠰᠤᠷᠭᠠᠭᠤᠯᠢ ᠶᠢᠨ ᠬᠦᠷᠢᠶᠡᠨ ᠤ ᠬᠤᠭᠤᠯᠠ ᠪᠣᠳᠠᠭ᠎ᠠ︾ ᠶᠢᠨ ᠬᠠᠮᠢᠶᠠᠷᠤᠯᠲᠠ ᠶᠢ ᠴᠢᠩᠭᠠᠳᠬᠠᠵᠤ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠬᠤᠭᠤᠯᠠ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ | ᠢᠳᠡᠭᠡᠨ ᠤ ᠮᠠᠲ᠋ᠧᠷᠢᠶᠠᠯ ᠢ ᠶᠡᠭᠡ ᠬᠡᠮᠵᠢᠶ᠎ᠡ ᠪᠠᠷ ᠬᠤᠳᠠᠯᠳᠤᠨ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠡᠷᠭᠡ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠵᠢᠷᠤᠮᠵᠢᠭᠤᠯᠤᠨ ᠬᠡᠦᠬᠡᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ ᠬᠠᠮᠠᠭᠠᠯᠠᠬᠤ ᠬᠡᠷᠡᠭᠲᠡᠢ᠃ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠢ ᠴᠠᠭ ᠢᠮᠠᠭᠲᠠ ᠠᠩᠬᠠᠷᠴᠦ᠂ ᠪᠠᠶᠢᠩᠭᠤ ᠶᠢᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠲᠣᠭᠲᠠᠯᠴᠠᠭ᠎ᠠ ᠶᠢ | ᠦᠷᠭᠦᠯᠵᠢᠯᠡᠨ ᠲᠡᠭᠦᠯᠳᠡᠷᠵᠢᠭᠦᠯᠵᠦ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ | ᠲᠦᠪᠰᠢᠨ᠂ ᠰᠤᠷᠭᠠᠭᠤᠯᠢ ᠶᠢᠨ ᠬᠦᠷᠢᠶᠡᠨ ᠤ ᠬᠦᠴᠦᠷᠭᠡᠭᠯᠡᠯ ᠢ ᠡᠰᠡᠷᠭᠦᠴᠡᠬᠦ ᠵᠡᠷᠭᠡ ᠪᠣᠳᠠᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ | ᠭᠡᠮ ᠰᠣᠭᠤᠭ ᠢ ᠤᠷᠢᠳᠴᠢᠯᠠᠨ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠣ ᠴᠢᠬᠤᠯᠠᠴᠢᠯᠠᠭᠰᠠᠨ ᠪᠠᠶᠢᠨ᠎ᠠ ᠃ | | | ᠰᠣᠷᠪᠣᠯᠵᠢᠯᠠᠭᠴᠢ᠄ ᠲᠠᠨ᠎ᠠ᠂ ᠯᠢ ᠶᠦᠨ᠂ ᠵᠢᠢ ᠫᠧᠩ |