ᠵᠥᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︽ᠬᠤᠣᠰ ᠨᠡᠭᠦᠷᠡᠰᠦᠲᠥ᠋ᠷᠥᠭᠴᠢ︾ ᠶᠢᠨ ᠭᠦᠭᠵᠢᠯᠲᠡ ᠶᠢᠨ | ᠬᠠᠷᠠᠯᠲᠠ ᠶᠢ ᠢᠳᠡᠪᠬᠢᠲᠡᠶ ᠦᠢᠯᠡᠳᠦᠯᠭᠡᠵᠢᠭᠦᠯᠵᠦ᠂ ᠪᠣᠬᠢᠷᠲᠤᠯ ᠥᠬᠡᠶ ᠪᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠨ ᠲᠠᠰ ᠳᠡᠪᠰᠢᠭᠦᠯᠬᠦ | ᠥᠭᠡᠷᠡᠴᠢᠯᠡᠯᠲᠡ ᠶᠢᠨ ᠲᠥᠷᠥᠯ ᠵᠦᠢᠯ ᠪᠠ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠢ | ᠪᠥᠬᠦ ᠬᠦᠴᠦᠨ ᠢᠶᠠᠷ ᠢᠶᠠᠨ ᠠᠬᠢᠭᠤᠯᠤᠨ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 111 ᠳ᠋ᠦᠩᠰᠢᠭᠤᠷ ᠲᠥᠭᠦᠷᠢᠭ ᠲᠤ ᠬᠦᠷᠴᠦ᠂ | ᠵᠢᠱᠢᠯᠲᠡ ᠪᠠᠷ 2026 ᠪᠠ 2027 ᠣᠨ ᠳᠤ ᠠᠰᠢᠭᠯᠠᠯᠲᠠ ᠳᠤ ᠣᠷᠣᠭᠤᠯᠤᠨ᠂ ᠠᠵᠤ ᠠᠬᠤᠶᠢᠯᠠᠯ ᠤᠨ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ | ᠬᠥᠭᠵᠢᠯᠲᠡ ᠪᠠ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠶᠢᠨ᠎ᠠ᠃ | ᠤᠶᠢᠷ᠎ᠠ ᠶᠢᠨ ᠬᠤᠭᠤᠴᠠᠭᠠᠨ ᠳᠤ᠂ ᠵᠦᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠬᠢᠷᠲᠤᠯ ᠥᠬᠡᠶ ᠪᠠᠷ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠨ ᠲᠡᠰ ᠳᠡᠪᠰᠢᠭᠦᠯᠬᠦ ᠥᠭᠡᠷᠡᠴᠢᠯᠡᠯᠲᠡ ᠶᠢᠨ ᠲᠦᠷᠦᠯ ᠵᠦᠢᠯ ᠤᠨ ᠪᠠᠶᠢᠭᠤᠯᠤᠯᠲᠠ ᠡᠮᠬᠢ ᠵᠢᠷᠤᠮ ᠲᠠᠢ | ᠶᠠᠪᠤᠭᠳᠠᠵᠤ᠂ ᠠᠬᠤᠢ ᠲᠠᠯᠠᠪᠠᠢ ᠳᠤ ᠠᠵᠢᠯᠴᠢᠳ ᠮᠠᠰᠢᠨ ᠮᠧᠬᠠᠨᠢᠭ ᠤᠨ ᠬᠠᠪᠰᠤᠷᠤᠯᠭ᠎ᠠ ᠳᠣᠣᠷ᠎ᠠ ᠮᠠᠯᠲᠠᠬᠤ᠂ ᠭᠠᠩ ᠪᠤᠯᠤᠳ ᠢ ᠤᠶᠠᠵᠤ ᠲᠣᠭᠲᠠᠭᠠᠬᠤ ᠵᠡᠷᠭᠡ | ᠦᠨᠳᠦᠰᠦᠨ ᠠᠵᠢᠯ ᠢᠶᠠᠨ ᠬᠢᠵᠦ ᠪᠠᠶᠢᠯ᠎ᠠ᠃ | ᠲᠣᠰ ᠲᠥᠷᠥᠯ ᠵᠦᠢᠯ ᠤᠨ ᠡᠮᠦᠨ᠎ᠡ ᠵᠦᠭ ᠲᠤ᠂ ᠦᠦᠰᠢᠨ ᠬᠤᠰᠢᠭᠤᠨ ᠤ ᠰᠠᠯᠬᠢ ᠭᠡᠷᠡᠯ ᠤᠨ ᠡᠨᠧᠷᠭᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ | ᠴᠣᠭᠴᠠᠵᠢᠭᠤᠯᠤᠭᠰᠠᠨ ᠲᠥᠷᠥᠯ ᠵᠦᠢᠯ ᠨᠢ ᠰᠠᠭᠤᠷᠢ ᠶᠢ ᠪᠠᠬᠢᠵᠢᠭᠦᠯᠬᠦ ᠪᠠ ᠲᠠᠯᠠᠪᠠᠢ ᠶᠢ ᠳᠡᠭᠰᠢᠯᠡᠭᠰᠡᠨ ᠳᠠᠷᠠᠭ᠎ᠠ ᠭᠠᠵᠠᠷ ᠳᠣᠣᠷᠠᠬᠢ ᠳᠣᠯᠭᠢᠶᠠᠨ ᠢ ᠭᠠᠵᠠᠷ ᠤᠨ | ᠭᠠᠳᠠᠷᠭᠤ ᠠᠴᠠ ᠪᠠᠶᠢᠴᠠᠭᠠᠨ ᠬᠡᠮᠵᠢᠬᠦ ᠵᠡᠷᠭᠡ ᠡᠯ᠎ᠡ ᠵᠦᠢᠯ ᠤᠨ ᠴᠢᠳᠠᠮᠵᠢ ᠶᠢᠨ ᠭᠦᠢᠴᠡᠳᠭᠡᠯ ᠲᠤᠭ᠎ᠠ ᠶᠢᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠬᠦ ᠪᠠᠷ ᠪᠠᠶᠢᠵᠤ᠂ | ᠵᠢᠱᠢᠯᠲᠡ ᠪᠠᠷ 2026 ᠣᠨ ᠤ ᠡᠴᠦᠰ ᠲᠤ ᠠᠰᠢᠭᠯᠠᠯᠲᠠ ᠳᠤ ᠤᠷᠤᠭᠤᠯᠬᠤ ᠪᠠᠷ ᠪᠠᠶᠢᠨ᠎ᠠ᠃ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠲᠣᠰ | ᠲᠥᠷᠥᠯ ᠵᠦᠢᠯ ᠤᠨ ᠵᠢᠯ ᠤᠨ ᠦᠢᠯᠡᠳᠪᠦᠷᠢᠯᠡᠭᠰᠡᠨ 3 ᠲᠦᠮᠡᠨ ᠲᠣᠨ ᠪᠣᠬᠢᠷᠳᠤᠯ ᠦᠭᠡᠢ ᠤᠰᠤᠲᠥ᠋ᠷᠥᠭᠴᠢ ᠶᠢ ᠣᠲᠣ ᠶᠢᠨ ᠪᠠᠶᠢᠭ᠎ᠠ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠲᠣᠨᠣᠭᠯᠠᠯ ᠲᠠᠢ ᠠᠪᠴᠠᠯᠳᠤᠭᠤᠯᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠣᠨᠣᠭᠯᠠᠯ ᠤᠨ ᠦᠢᠯᠡᠳᠪᠦᠷᠢᠯᠡᠯ ᠤᠨ | ᠴᠢᠳᠠᠪᠬᠢ ᠶᠢ ᠤᠯᠠᠮ ᠨᠢᠭᠡ ᠠᠯᠬᠤᠮ ᠥᠷᠭᠡᠳᠬᠡᠬᠦ ᠪᠣᠯᠤᠨ᠎ᠠ᠃ | ᠤᠶᠢᠯᠠᠭᠠᠭᠰᠠᠨ ᠢᠶᠠᠷ᠂ ᠵᠥᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ︽ᠨᠡᠭᠦᠷᠡᠰᠦ ᠪᠠᠷ ᠴᠢᠯᠠᠭᠤᠨ | ᠲᠣᠰᠣ ᠶᠢ ᠣᠷᠣᠯᠠᠭᠤᠯᠵᠤ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠠ ᠣᠷᠣᠨ ᠨᠤᠲᠤᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠰᠦᠷᠦᠭᠵᠢᠯ ᠤᠨ ᠬᠥᠭᠵᠢᠯᠲᠡ ᠶᠢ ᠠᠬᠢᠭᠤᠯᠬᠤ︾ ᠬᠠᠷᠠᠯᠲᠠ ᠶᠣᠰᠣᠭᠠᠷ᠂ ᠤᠯᠤᠰ ᠤᠨ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠭᠰᠡᠨ ᠤ ᠳᠠᠷᠠᠭ᠎ᠠ ᠪᠠᠭᠠᠰᠬᠠᠵᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ 111 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠪᠣᠬᠢᠷᠲᠤᠯ ᠥᠬᠡᠶ ᠪᠠᠷ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠨ ᠲᠠᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ᠂ ᠦᠤᠰᠢᠨ ᠬᠤᠰᠢᠭᠤᠨ ᠤ ᠰᠠᠯᠬᠢ | ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠢ ᠪᠥᠲᠥᠭᠡᠨ ᠪᠠᠶᠢᠭᠤᠯᠬᠤ ᠪᠠᠷ ᠪᠠᠶᠢᠨ᠎ᠠ᠃ ᠡᠭᠦᠨ ᠳᠤ | ᠂ ᠪᠣᠬᠢᠷᠲᠤᠯ ᠥᠬᠡᠶ ᠪᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠨ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠳᠤ ᠭᠤᠤᠯᠳᠠᠭᠤ | ᠪᠣᠬᠢᠷᠳᠤᠯ ᠦᠭᠡᠢ ᠤᠰᠤᠲᠥ᠋ᠷᠥᠭᠴᠢ᠂ ᠪᠣᠬᠢᠷᠳᠤᠯ ᠦᠭᠡᠢ ᠬᠦᠴᠢᠯᠳᠦ᠋ᠷᠦᠭᠴᠢ ᠶᠢᠨ ᠠᠪᠴᠠᠯᠳᠤᠯ ᠵᠢᠴᠢ ᠰᠢᠨ᠎ᠡ ᠪᠠᠷ ᠪᠠᠶᠢᠭᠤᠯᠵᠤ ᠪᠠᠶᠢᠭ᠎ᠠ ᠡᠳᠦᠷ ᠪᠦᠷᠢ 50 | ᠲᠦᠮᠡᠨ ᠪᠠᠷᠢᠮᠵᠢᠶᠠᠲᠤ ᠪᠣᠰᠤᠭ᠎ᠠ ᠳᠥᠷᠪᠡᠯᠵᠢᠨ ᠮᠧᠲᠷ ᠤᠨ ᠪᠠᠶᠢᠭᠠᠯᠢ ᠶᠢᠨ ᠰᠢᠲᠠᠮᠠᠬᠠᠢ ᠬᠡᠢ ᠦᠢᠯᠡᠳᠬᠦ ᠲᠣᠨᠣᠭᠯᠠᠯ᠂ ᠵᠢᠯ ᠤᠨ 30 ᠲᠦᠮᠡᠨ ᠲᠣᠨ ᠼᠤᠤ | ᠬᠦᠴᠢᠯ ᠦᠢᠯᠡᠳᠬᠦ ᠲᠣᠨᠣᠭᠯᠠᠯ᠂ ᠵᠢᠯ ᠤᠨ 20 ᠲᠦᠮᠡᠨ ᠲᠣᠨ ᠼᠤᠤ ᠬᠦᠴᠢᠯ ᠤᠨ ᠡᠲ᠋ᠧᠨ ᠦᠢᠯᠡᠳᠬᠦ ᠲᠣᠨᠣᠭᠯᠠᠯ ᠪᠠ ᠵᠢᠯ ᠳᠤ 4 ×3 ᠲᠦᠮᠡᠨ ᠲᠣᠨ | VAE ᠦᠢᠯᠡᠳᠬᠦ ᠲᠣᠨᠣᠭᠯᠠᠯ ᠵᠡᠷᠭᠡ ᠶᠢ ᠪᠠᠭᠲᠠᠭᠠᠨ᠎ᠠ︔ ᠦᠦᠰᠢᠨ ᠬᠤᠰᠢᠭᠤᠨ ᠤ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ | ᠴᠣᠭᠴᠠᠵᠢᠭᠤᠯᠤᠭᠰᠠᠨ ᠲᠥᠷᠥᠯ ᠵᠤᠶᠢᠯ ᠳᠤ ᠭᠤᠣᠯᠳᠠᠭᠤ ᠵᠢᠯ ᠤᠨ 3 ᠲᠦᠮᠡᠨ ᠲᠣᠨ ᠪᠣᠬᠢᠷᠳᠤᠯ ᠦᠭᠡᠢ ᠤᠰᠤᠲᠥ᠋ᠷᠥᠭᠴᠢ ᠦᠢᠯᠡᠳᠬᠦ ᠲᠦᠷᠦᠯ ᠵᠦᠢᠯ᠂ | ᠰᠠᠯᠬᠢᠨ ᠬᠦᠴᠦᠨ ᠢᠶᠠᠷ 45 ᠲᠦᠮᠡᠨ ᠺᠢᠯᠣᠸᠠᠲ ᠴᠠᠬᠢᠯᠭᠠᠨ ᠭᠠᠷᠭᠠᠬᠤ ᠲᠦᠷᠦᠯ ᠵᠦᠢᠯ᠂ ᠬᠡᠷᠡᠯ ᠴᠡᠨᠡᠭ ᠢᠶᠠᠷ 23.68 ᠲᠦᠮᠡᠨ ᠺᠢᠯᠣᠸᠠᠲ ᠴᠠᠬᠢᠯᠭᠠᠨ | ᠭᠠᠷᠭᠠᠬᠤ ᠲᠦᠷᠦᠯ ᠵᠦᠢᠯ᠂ 60.36 ᠺᠢᠯᠦᠮᠧᠲᠷ ᠪᠦᠬᠦᠢ 220kV ᠬᠦᠴᠦᠳᠡᠯ ᠤᠨ ᠴᠠᠬᠢᠯᠭᠠᠨ ᠬᠦᠷᠭᠡᠬᠦ ᠢᠨᠵᠧᠨᠧᠷᠢᠩ ᠵᠢᠴᠢ ᠲᠦᠭᠦᠷᠴᠢᠯᠡᠭᠰᠡᠨ | ᠪᠠᠶᠢᠭᠤᠯᠤᠯᠲᠠ ᠶᠢ ᠪᠠᠭᠲᠠᠭᠠᠵᠤ ᠪᠤᠢ᠃ ᠲᠤᠰ ᠬᠤᠶᠠᠷ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠪᠣᠬᠢᠷᠲᠤᠯ ᠥᠬᠡᠶ ᠴᠠᠬᠢᠯᠭᠠᠨ᠂ | ᠪᠣᠬᠢᠷᠲᠤᠯ ᠥᠬᠡᠶ ᠬᠦᠴᠢᠯᠲᠥ᠋ᠷᠥᠭᠴᠢ᠂ ᠪᠣᠬᠢᠷᠲᠤᠯ ᠥᠬᠡᠶ ᠤᠰᠤᠲᠥ᠋ᠷᠥᠭᠴᠢ ᠦᠢᠯᠡᠳᠬᠦ ᠪᠠᠷ ᠨᠡᠭᠦᠷᠡᠰᠦᠲᠥ᠋ᠷᠥᠭᠴᠢ ᠶᠢᠨ ᠲᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠭᠠᠰᠬᠠᠵᠤ ᠳᠡᠶᠢᠯᠬᠦ ᠶᠢᠨ ᠬᠠᠮᠲᠦ ᠨᠢᠭᠡᠨᠲᠡ ᠪᠠᠶᠢᠭ᠎ᠠ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠵᠤ ᠨᠦᠬᠦᠪᠦᠷᠢᠯᠡᠬᠦ ᠶᠢᠨ | ᠵᠡᠷᠭᠡᠪᠡᠷ ᠬᠡᠯᠬᠢᠶᠡᠵᠢᠯ ᠢ ᠴᠢᠩᠭᠠᠳᠬᠠᠬᠤ ᠶᠢ ᠪᠡᠶᠡᠯᠡᠭᠦᠯᠬᠦ ᠪᠣᠯᠤᠨ᠎ᠠ᠃ | | | ᠰᠤᠷᠪᠤᠯᠵᠢᠯᠠᠭᠴᠢ᠄ ᠷᠢᠸᠠᠳᠢ᠂ ᠸᠠᠩ ᠴᠢ |