ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠰᠢᠤᠸᠠᠢ ᠹᠧᠩ ᠬᠤᠰᠢᠭᠤ ᠶᠡᠷᠦᠩᠬᠡᠶᠢᠯᠡᠭᠰᠡᠨ ᠨᠡᠶᠢᠭᠡᠮ ᠤᠨ ᠠᠰᠠᠷᠠᠮᠵᠢ ᠶᠢᠨ | ᠲᠥᠪ ᠪᠠ ᠦᠦᠰᠢᠨ ᠬᠤᠰᠢᠭᠤᠨ ᠤ ᠠᠮᠢ ᠠᠬᠤᠶ ᠶᠢᠨ ᠡᠷᠡᠭᠦᠯᠵᠢᠯ ᠤᠨ ᠲᠥᠪ ᠲᠤ ᠬᠦᠷᠴᠦ ᠭᠠᠯ ᠰᠡᠷᠭᠡᠶᠢᠯᠡᠯᠲᠡ ᠶᠢᠨ ᠠᠮᠤᠷ ᠲᠦᠪᠰᠢᠨ᠂ ᠢᠳᠡᠭᠡᠨ | ᠤᠮᠲᠠᠭᠠᠨ ᠤ ᠠᠮᠤᠷ ᠲᠦᠪᠰᠢᠨ᠂ ᠠᠵᠢᠯ ᠤᠨ ᠬᠠᠮᠢᠶᠠᠷᠤᠯᠲᠠ ᠵᠡᠷᠭᠡ ᠶᠢ ᠪᠠᠶᠢᠴᠠᠭᠠᠨ ᠰᠤᠳᠤᠯᠵᠤ᠂ ᠭᠠᠯ ᠰᠡᠷᠭᠡᠶᠢᠯᠡᠯᠲᠡ ᠶᠢᠨ ᠬᠠᠮᠢᠶᠠᠷᠤᠯᠲᠠ᠂ ᠭᠠᠯ | ᠰᠡᠷᠭᠡᠶᠢᠯᠡᠯᠲᠡ ᠶᠢᠨ ᠲᠥᠬᠦᠭᠡᠷᠦᠮᠵᠢ᠂ ᠢᠳᠡᠭᠡᠨ ᠤ ᠵᠦᠢᠯ ᠢ ᠪᠣᠯᠪᠠᠰᠤᠷᠠᠭᠤᠯᠤᠨ ᠬᠠᠳᠠᠭᠠᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠲᠠᠯ ᠢ | ᠨᠠᠷᠢᠨ ᠤᠶᠢᠯᠠᠭᠠᠭᠰᠠᠨ ᠪᠠᠶᠢᠨ᠎ᠠ᠃ | ᠸᠠᠩ ᠰᠢᠤᠸᠠᠢ ᠹᠧᠩ ᠶᠠᠷᠢᠬᠤ ᠳᠤ ᠪᠠᠨ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠵᠤ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠵᠠᠯᠠᠷᠠᠭᠤᠯᠬᠤ᠂ ᠤᠷ᠎ᠠ | ᠴᠢᠳᠠᠪᠤᠷᠢ ᠶᠢᠨ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠠᠵᠢᠯ ᠢ ᠪᠠᠶᠢᠩᠭᠤᠵᠢᠭᠤᠯᠤᠨ ᠥᠷᠨᠢᠭᠦᠯᠵᠦ ᠭᠠᠯ ᠴᠠᠬᠢᠯᠭᠠᠨ ᠬᠡᠷᠡᠭᠯᠡᠬᠦ | ᠠᠮᠤᠷ ᠲᠦᠪᠰᠢᠨ᠂ ᠢᠳᠡᠭᠡᠨ ᠤᠮᠳᠠᠭᠠᠨ ᠤ ᠠᠮᠤᠷ ᠲᠦᠪᠰᠢᠨ ᠵᠡᠷᠭᠡ ᠠᠵᠢᠯ ᠢ ᠰᠠᠶᠢᠲᠤᠷ ᠬᠢᠵᠦ ᠢᠯᠡᠷᠡᠭᠦᠯᠦᠭᠰᠡᠨ ᠠᠰᠠᠭᠤᠳᠠᠯ ᠢ ᠲᠦᠷᠭᠡᠨ ᠴᠡᠭᠴᠡᠯᠡᠨ | ᠰᠠᠶᠢᠵᠢᠷᠠᠭᠤᠯᠵᠤ ᠠᠮᠤᠷ ᠲᠦᠪᠰᠢᠨ ᠤ ᠬᠡᠮ ᠰᠣᠭᠤᠭ ᠢ ᠲᠦᠢᠯᠪᠤᠷᠢᠲᠠᠶ ᠠᠷᠢᠯᠭᠠᠬᠤ ᠬᠡᠷᠡᠭᠲᠡᠶ᠃ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ ᠰᠠᠨᠠᠭ᠎ᠠ ᠠᠮᠤᠷ᠂ ᠲᠠᠭᠠᠯᠠᠮᠵᠢᠲᠠᠢ᠂ ᠵᠣᠯ ᠵᠢᠷᠭᠠᠯ ᠲᠠᠢ ᠨᠠᠰᠤᠲᠠᠶᠢᠴᠤᠳ ᠤᠨ ᠠᠰᠠᠷᠠᠮᠵᠢ ᠶᠢᠨ ᠣᠷᠴᠢᠨ ᠲᠣᠭᠤᠷᠢᠨ ᠢ ᠪᠤᠢ ᠪᠣᠯᠭᠠᠬᠤ | ᠬᠡᠷᠡᠭᠲᠡᠢ ᠭᠡᠪᠡ᠃ | | ᠰᠤᠷᠪᠤᠯᠵᠢᠯᠠᠭᠴᠢ᠄ ᠪᠠᠶᠠᠠᠳᠠᠯᠠᠢ |