ᠦᠦᠰᠢᠨ ᠬᠤᠰᠢᠭᠤᠨ ᠤ ᠪᠣᠬᠢᠷᠲᠤᠯ ᠥᠬᠡᠶ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠬᠢᠭᠡᠳ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠤᠨ ᠰᠤᠳᠤᠯᠭᠠᠨ ᠤ ᠬᠡᠷᠡᠭᠯᠡᠯᠲᠡ ᠶᠢᠨ ᠢᠨᠵᠧᠨᠧᠷᠢᠩ ᠤᠨ ᠮᠡᠷᠭᠡᠵᠢᠯ ᠤᠨ ᠲᠥᠪ ᠤᠨ ᠦᠦᠰᠢᠨ ᠬᠤᠰᠢᠭᠤᠨ ᠳᠠᠬᠢ ᠰᠠᠭᠤᠷᠢᠨ ᠭᠠᠵᠠᠷ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/4/15
      ᠣᠶᠢᠷ᠎ᠠ ᠶᠢᠨ ᠡᠳᠦᠷ᠂ ᠦᠦᠰᠢᠨ ᠬᠤᠰᠢᠭᠤᠨ ᠤ ᠪᠣᠬᠢᠷᠲᠤᠯ ᠥᠬᠡᠶ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠬᠢᠭᠡᠳ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠤᠨ ᠰᠤᠳᠤᠯᠭᠠᠨ ᠤ ᠬᠡᠷᠡᠭᠯᠡᠯᠲᠡ ᠶᠢᠨ ᠢᠨᠵᠧᠨᠧᠷᠢᠩ ᠤᠨ ᠮᠡᠷᠭᠡᠵᠢᠯ ᠤᠨ ᠲᠥᠪ ᠤᠨ ᠦᠦᠰᠢᠨ ᠬᠤᠰᠢᠭᠤᠨ ᠳᠠᠬᠢ ᠰᠠᠭᠤᠷᠢᠨ ᠭᠠᠵᠠᠷ ᠵᠢᠩᠬᠢᠨᠢ ᠪᠠᠷ ᠪᠠᠶᠢᠭᠤᠯᠤᠭᠳᠠᠭᠰᠠᠨ ᠪᠠᠶᠢᠨ᠎ᠠ᠃      ᠶᠣᠰᠣᠯᠠᠯ ᠳᠡᠭᠡᠷ᠎ᠡ᠂ ᠦᠤᠰᠢᠨ ᠬᠤᠰᠢᠭᠤᠨ ᠤ ᠪᠣᠬᠢᠷᠲᠤᠯ ᠥᠬᠡᠶ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ ᠤ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠮᠡᠷᠭᠡᠵᠢᠯ ᠤᠨ ᠰᠤᠳᠤᠯᠭᠠᠨ ᠤ ᠬᠡᠷᠡᠭᠯᠡᠯᠲᠡ ᠶᠢᠨ ᠢᠨᠵᠧᠨᠧᠷᠢᠩ ᠤᠨ ᠮᠡᠷᠭᠡᠵᠢᠯ ᠤᠨ ᠲᠥᠪ ᠤᠨ ᠦᠤᠰᠢᠨ ᠬᠤᠰᠢᠭᠤᠨ ᠳᠠᠬᠢ ᠰᠠᠭᠤᠷᠢᠨ ᠭᠠᠵᠠᠷ ᠤᠨ ᠫᠠᠶᠢᠰᠠ ᠶᠢ ᠰᠡᠬᠦᠵᠤ ᠬᠤᠶᠠᠷ ᠶᠡᠭᠡ ᠰᠢᠨ᠎ᠡ ᠶᠢ ᠡᠭᠦᠳᠬᠦ ᠲᠠᠪᠴᠠᠩ ᠤᠨ ᠫᠠᠶᠢᠰᠠ ᠡᠯᠭᠦᠨ ᠪᠠᠶᠢᠭᠤᠯᠤᠭᠳᠠᠭᠰᠠᠨ ᠨᠢ ᠲᠤᠬᠠᠢ ᠶᠢᠨ ᠭᠠᠵᠠᠷ ᠤᠨ ᠠᠮᠢ ᠠᠬᠤᠶ ᠶᠢᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠨᠡᠮᠡᠷᠢᠯᠡᠬᠦ᠂ ᠡᠬᠢ ᠪᠠᠶᠠᠯᠢᠭ ᠢ ᠨᠡᠶᠢᠯᠡᠭᠦᠯᠬᠦ ᠪᠠ ᠠᠷᠭ᠎ᠠ ᠪᠠᠷᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠠᠮᠢ ᠠᠬᠤᠶ ᠶᠢᠨ ᠬᠠᠮᠠᠭᠠᠯᠠᠯᠲᠠ ᠪᠠ ᠠᠵᠤ ᠠᠬᠤᠶ ᠶᠢᠨ ᠬᠥᠭᠵᠢᠯᠲᠡ ᠶᠢ ᠵᠡᠷᠭᠡᠪᠡᠷ ᠠᠬᠢᠭᠤᠯᠬᠤ ᠪᠣᠬᠢᠷᠲᠤᠯ ᠥᠬᠡᠶ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠠᠷᠭ᠎ᠠ ᠵᠠᠮ ᠢ ᠬᠠᠶᠢᠨ ᠰᠦᠪᠡᠭᠴᠢᠯᠡᠬᠦ ᠶᠢᠨ ᠲᠥᠯᠦᠭᠡ ᠶᠤᠮ᠃ ᠲᠠᠪᠴᠠᠩ ᠤᠨ ᠪᠠᠶᠢᠭᠤᠯᠤᠭᠳᠠᠭᠰᠠᠨ ᠨᠢ ᠮᠠᠨ ᠤ ᠬᠤᠰᠢᠭᠤᠨ ᠤ ︽ᠬᠥᠬᠡᠮᠳᠦᠭ ᠠᠭᠤᠯᠠ ᠴᠡᠩᠭᠡᠭ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠦᠭᠰᠡᠨ ᠠᠮᠢᠳᠤᠯᠢᠭ ᠵᠢᠱᠢᠶ᠎ᠡ ᠪᠣᠯᠬᠤ ᠪᠠᠷ ᠪᠠᠷᠠᠬᠤ ᠥᠬᠡᠶ ᠨᠠᠩ ᠴᠤ ᠦᠦᠰᠢᠨ ᠬᠤᠰᠢᠭᠤᠨ ᠤ ᠠᠮᠢ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠢ ᠠᠭᠤᠰᠤᠯᠴᠠᠭᠤᠯᠬᠤ ᠰᠢᠨ᠎ᠡ ᠠᠶᠠᠨ ᠵᠠᠮ ᠳᠤ ᠯᠠᠪᠳᠠᠭᠤᠨ ᠪᠠᠲᠤᠲᠠᠶ ᠤᠷᠤᠭᠰᠢᠯᠠᠭᠰᠠᠨ ᠢ ᠬᠠᠷᠠᠭᠤᠯᠵᠤ ᠪᠠᠶᠢᠨ᠎ᠠ᠃                        ᠰᠤᠷᠪᠤᠯᠵᠢᠯᠠᠭᠴᠢ᠄ ᠷᠢᠸᠠᠳᠢ᠂ ᠵᠢᠢ ᠫᠧᠩ᠂ ᠪᠠᠢ ᠪᠤᠤ ᠴᠢᠶᠠᠩ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ