ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ | ᠬᠡᠯᠡᠯᠴᠡᠭᠡ ᠬᠢᠪᠡ᠃ | ᠰᠢ ᠶᠢᠨ ᠫᠢᠩ᠂ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠶᠡᠷᠦᠩᠬᠡᠢ ᠱᠦᠵᠢ ᠰᠦ᠋ ᠯᠢᠨ ᠲᠠᠢ ᠠᠩᠬᠠᠨ ᠤ ᠡᠭᠡᠯᠵᠢ ᠶᠢᠨ | ᠬᠠᠷᠢᠯᠴᠠᠨ ᠠᠶᠢᠯᠴᠢᠯᠠᠯᠲᠠ ᠪᠠᠨ ᠪᠡᠶᠡᠯᠡᠭᠦᠯᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠡᠨᠡ ᠵᠢᠯ ᠪᠣᠯ ᠸᠢᠶᠧᠲᠨᠠᠮ ᠤᠨ ᠡᠪ ᠬᠠᠮᠲᠤ ᠨᠠᠮ ᠪᠠᠶᠢᠭᠤᠯᠤᠭᠳᠠᠭᠰᠠᠨ | 95 ᠵᠢᠯ ᠤᠨ ᠤᠢ᠂ ᠸᠢᠶᠧᠲᠨᠠᠮ ᠤᠨ ᠤᠯᠤᠰ ᠪᠠᠶᠢᠭᠤᠯᠤᠭᠳᠠᠭᠰᠠᠨ 80 ᠵᠢᠯ ᠤᠨ ᠤᠢ ᠪᠣᠯᠣᠨ ᠡᠮᠦᠨᠡᠲᠦ ᠸᠢᠶᠧᠲᠨᠠᠮ ᠴᠢᠯᠦᠭᠡᠯᠡᠭᠳᠡᠭᠰᠡᠨ 50 ᠵᠢᠯ ᠤᠨ ᠤᠢ | ᠪᠣᠯᠣᠨ᠎ᠠ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠡᠮᠦᠨ᠎ᠡ ᠠᠴᠠ ᠸᠢᠶᠧᠲᠨᠠᠮ ᠤᠨ ᠲᠠᠯ᠎ᠠ ᠳᠤ | ᠬᠠᠯᠠᠭᠤᠨ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠸᠢᠶᠧᠲᠨᠠᠮ ᠤᠨ ᠬᠢᠨ ᠤ ᠲᠣᠰ ᠤᠯᠤᠰ ᠤᠨ ᠢᠶᠠᠨ | ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠰᠠᠶᠢᠲᠤᠷ ᠵᠠᠮᠨᠠᠵᠤ᠂ 2026 ᠣᠨ ᠳᠤ ᠸᠢᠶᠧᠲᠨᠠᠮ ᠤᠨ ᠡᠪ ᠬᠠᠮᠲᠤ ᠨᠠᠮ ᠤᠨ | ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠢᠯᠠᠯᠲᠠ ᠲᠠᠢ ᠬᠤᠷᠠᠯᠳᠤᠭᠤᠯᠵᠤ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ︾ | ᠤᠨ ᠲᠡᠮᠡᠴᠡᠬᠦ ᠬᠠᠷᠠᠯᠲᠠ ᠲᠡᠶᠢᠰᠢ ᠲᠠᠰᠤᠷᠠᠯᠲᠠ ᠦᠭᠡᠢ ᠤᠷᠤᠭᠰᠢᠯᠠᠬᠤ ᠶᠢ ᠲᠡᠮᠵᠢᠨ᠎ᠡ ᠭᠡᠵᠦ ᠵᠢᠭᠠᠵᠤ ᠭᠠᠷᠭᠠᠪᠠ᠃ | | | | | | 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | ᠰᠢ ᠶᠢᠨ ᠫᠢᠩ᠂ ᠡᠨᠡ ᠵᠢᠯ ᠪᠣᠯ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ | ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠪᠣᠯᠣᠨ᠎ᠠ᠃ 75 ᠵᠢᠯ ᠤᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ | ᠬᠤᠶᠠᠷ ᠲᠠᠯ᠎ᠠ ᠪᠠᠷ ᠢᠶᠠᠨ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠲᠡᠮᠡᠴᠡᠯ ᠳᠤᠮᠳᠠ ᠬᠠᠷᠢᠯᠴᠠᠨ | ᠲᠡᠮᠵᠢᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠳᠤᠮᠳᠠ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠲᠤᠰ ᠲᠤᠰ ᠤᠨ | ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠤᠯᠤᠰ ᠤᠨ ᠪᠦᠯᠬᠦᠮᠳᠡᠨ ᠬᠠᠮᠲᠤᠷᠠᠯᠴᠠᠬᠤ | ᠬᠡᠪ ᠳᠠᠭᠤᠷᠢᠶᠠᠯ ᠪᠣᠯᠪᠠ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠸᠢᠶᠧᠲᠨᠠᠮ ᠬᠤᠶᠠᠷ ᠤᠯᠤᠰ ᠡᠩᠬᠡ ᠲᠠᠶᠢᠪᠤᠩ | ᠬᠥᠭᠵᠢᠯᠲᠡ ᠶᠢ ᠪᠠᠷᠢᠮᠲᠠᠯᠠᠵᠤ᠂ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ ᠳ᠋ᠠᠬᠢᠨ ᠳᠤ ᠡᠷᠬᠢᠮ ᠨᠠᠨᠳᠢᠨ ᠲᠣᠭᠲᠠᠪᠤᠷᠢᠲᠤ ᠴᠢᠨᠠᠷ ᠪᠠ | ᠲᠣᠬᠲᠠᠭᠠᠯᠲᠤ ᠴᠢᠨᠠᠷ ᠢ ᠨᠡᠮᠡᠷᠢᠯᠡᠪᠡ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠬᠤᠶᠠᠷ ᠲᠠᠯ᠎ᠠ ᠪᠠᠷ ᠢᠶᠠᠨ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠨ ᠤᠷᠤᠭᠰᠢᠯᠠᠵᠤ᠂ ︽ᠸᠢᠶᠧᠲᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ | ᠳᠡᠭᠦᠦ︾ ᠶᠢᠨ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠤᠯᠤᠰ ᠲᠦᠷᠦ ᠶᠢᠨ ᠢᠲᠡᠭᠡᠯᠴᠡᠭᠡ ᠨᠡᠩ ᠥᠨᠳᠥᠷ᠂ ᠠᠮᠤᠷ ᠲᠦᠪᠰᠢᠨ ᠤ | ᠬᠠᠮᠲᠤᠷᠠᠯᠴᠠᠭ᠎ᠠ ᠨᠡᠩ ᠪᠣᠳᠠᠲᠠᠢ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠭᠦᠨᠵᠡᠭᠡᠢ᠂ ᠠᠷᠠᠳ ᠤᠨ ᠰᠠᠨᠠᠭᠠᠨ ᠤ ᠰᠠᠭᠤᠷᠢ ᠨᠡᠩ ᠪᠠᠲᠤ᠂ ᠤᠯᠠᠨ | ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠪᠠᠷ ᠨᠡᠩ ᠰᠠᠶᠢᠨ ︽ᠵᠢᠷᠭᠤᠭᠠᠨ ᠨᠡᠩ | ᠪᠠᠶᠢᠬᠤ︾ ᠶᠡᠷᠦᠩᠬᠡᠢ ᠬᠠᠷᠠᠯᠲᠠ ᠶᠣᠰᠣᠭᠠᠷ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠴᠢᠨᠠᠷ ᠰᠠᠶᠢᠲᠠᠢ ᠠᠬᠢᠭᠤᠯᠵᠤ᠂ ᠳᠤᠮᠳᠠᠳᠤ | ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃ | | | | | | 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠨᠠᠮ ᠤᠨ | ᠶᠡᠷᠦᠩᠬᠡᠢ ᠱᠦᠵᠢ ᠳᠤᠮᠳᠠᠳᠤ ᠸᠢᠶᠧᠲᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ | ᠦᠵᠡᠭᠦᠯᠭᠡ ᠶᠢ ᠬᠠᠮᠲᠤ ᠪᠠᠷ ᠭᠡᠷᠡᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | ᠰᠢ ᠶᠢᠨ ᠫᠢᠩ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠢᠬᠤᠯᠠ ᠳᠡᠯᠡᠬᠡᠢ ᠶᠢᠨ ᠠᠴᠢ | ᠬᠤᠯᠪᠣᠭᠳᠠᠯ ᠲᠠᠢ ᠶᠤᠮ᠃ ᠬᠤᠶᠠᠷ ᠤᠯᠤᠰ ᠭᠠᠷ ᠬᠤᠯᠪᠣᠨ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠵᠤ᠂ 15 ᠳ᠋ᠦᠩᠰᠢᠭᠤᠷ ᠭᠠᠷᠤᠢ ᠬᠥᠮᠥᠨ | ᠠᠮᠠ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠨᠢ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠦᠴᠦᠲᠡᠢ | ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃ ᠬᠤᠶᠠᠷ ᠤᠯᠤᠰ ᠢᠶᠠᠷ ᠢᠶᠠᠨ ᠴᠥᠮ ᠭᠠᠳᠠᠭᠠᠳᠤ ᠨᠡᠭᠡᠭᠡᠯᠲᠡ ᠬᠢᠬᠦ ᠶᠢ ᠪᠠᠷᠢᠮᠲᠠᠯᠠᠵᠤ᠂ | ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ᠂ ᠠᠵᠤ | ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠵᠢᠵᠢᠭ ᠣᠩᠭᠤᠴᠠ ᠪᠢᠴᠢᠬᠠᠨ ᠵᠠᠪᠢ ᠲᠤᠬᠰᠢᠨ ᠳᠠᠪᠠᠯᠭᠠᠨ | ᠰᠢᠷᠦᠭᠦᠨ ᠳᠣᠯᠭᠢᠶᠠᠨ ᠢ ᠳᠠᠭᠠᠭᠠᠵᠤ ᠳᠡᠶᠢᠯᠭᠦ ᠦᠭᠡᠢ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ | ᠳᠤᠮᠳᠠᠳᠤ ᠤᠯᠤᠰ ᠪᠣᠯᠣᠨ ᠸᠢᠶᠧᠲᠨᠠᠮ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ ᠢ ᠭᠦᠷᠳᠡᠭᠴᠢ ᠮᠥᠨ᠂ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠴᠢᠩᠭᠠᠳᠬᠠᠵᠤ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠪᠦᠬᠦ ᠪᠥᠮᠪᠥᠷᠴᠡᠭ ᠤᠨ ᠴᠢᠯᠦᠭᠡᠲᠦ | ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠬᠠᠢ ᠵᠢᠷᠭᠤᠭᠠᠨ | ᠠᠷᠭ᠎ᠠ ᠬᠡᠮᠵᠢᠶ᠎ᠡ ᠳᠤᠷᠠᠳᠪᠠ᠃ | ᠨᠢᠭᠡ ᠳᠤ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠦᠶ᠎ᠡ᠃ ᠬᠤᠶᠠᠷ ᠨᠠᠮ ᠬᠤᠶᠠᠷ ᠤᠯᠤᠰ ᠤᠨ | ᠤᠳᠤᠷᠢᠳᠬᠤ ᠬᠥᠮᠥᠰ ᠲᠦᠷᠦᠯ ᠰᠠᠳᠤᠨ ᠢᠶᠠᠨ ᠡᠷᠭᠢᠵᠦ ᠦᠵᠡᠬᠦ ᠲᠠᠢ ᠠᠳᠠᠯᠢ ᠪᠠᠷ ᠦᠷᠭᠦᠯᠵᠢ ᠶᠠᠪᠤᠯᠴᠠᠵᠤ᠂ ᠢᠯᠡᠭᠦᠬᠡᠨ ᠣᠯᠣᠯᠴᠠᠶ᠎ᠠ᠃ ᠬᠤᠶᠠᠷ | ᠲᠠᠯ᠎ᠠ ᠪᠠᠷ ᠢᠶᠠᠨ ᠨᠠᠮ ᠤᠨ ᠬᠤᠭᠤᠷᠣᠨᠳᠦᠭᠢ᠂ ᠬᠠᠤᠯᠢ ᠲᠣᠭᠲᠠᠭᠠᠬᠤ ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠵᠡᠷᠭᠡ | ᠵᠠᠮ ᠰᠤᠪᠠᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ | ᠤᠯᠤᠰ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠬᠢ ᠨᠠᠮ ᠤᠨ ᠤᠳᠤᠷᠢᠳᠬᠤ ᠲᠦᠪᠰᠢᠨ ᠢ ᠳᠡᠭᠡᠭᠰᠢᠯᠡᠭᠦᠯᠦᠶ᠎ᠡ᠃ | ᠬᠤᠶᠠᠷ ᠲᠤ ᠨᠡᠩ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠶ᠎ᠠ᠃ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ᠂ ᠤᠯᠤᠰ ᠤᠨ | ᠪᠠᠲᠤᠯᠠᠨ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3+3︾ ᠶᠢᠨ ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢ ᠰᠠᠶᠢᠳ ᠤᠨ | ᠲᠡᠰ ᠢᠶᠠᠷ ᠲᠣᠭᠲᠠᠭᠠᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠡᠮᠡᠭᠳᠡᠭᠦᠯᠦᠶ᠎ᠡ᠃ ᠰᠡᠷᠭᠡᠶᠢᠯᠡᠨ ᠬᠠᠮᠠᠭᠠᠯᠠᠬᠤ ᠠᠵᠢᠯ ᠪᠠ ᠬᠠᠤᠯᠢ ᠬᠡᠷᠡᠭᠵᠢᠭᠦᠯᠬᠦ | ᠠᠮᠤᠷ ᠲᠦᠪᠰᠢᠨ ᠤ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ | ᠴᠢᠮᠡᠭᠡ ᠬᠤᠯᠪᠣᠭᠠᠨ ᠤ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠬᠤᠶᠠᠷ ᠲᠠᠯᠠᠲᠤ ᠪᠠ ᠤᠯᠠᠨ ᠲᠠᠯᠠᠲᠤ | ᠢᠯᠠᠩᠭᠤᠶ᠎ᠠ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠣᠲᠣᠷᠠᠬᠢ ᠬᠠᠤᠯᠢ ᠬᠡᠷᠡᠭᠵᠢᠭᠦᠯᠬᠦ ᠬᠠᠤᠯᠢ | ᠪᠠᠷᠢᠬᠤ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠭᠠᠵᠠᠷ ᠣᠷᠣᠨ ᠤ ᠠᠮᠤᠷ | ᠲᠦᠪᠰᠢᠨ ᠲᠣᠭᠲᠠᠭᠤᠨ ᠢ ᠬᠠᠮᠠᠭᠠᠯᠠᠶ᠎ᠠ᠃ | ᠭᠤᠷᠪᠠ ᠳᠤ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ᠃ ᠳᠤᠮᠳᠠᠳᠤ ᠤᠯᠤᠰ ᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠪᠣᠯᠣᠨ ᠸᠢᠶᠧᠲᠨᠠᠮ ᠤᠨ ᠰᠢᠨ᠎ᠡ ᠭᠡᠯᠪᠡᠷᠢ ᠶᠢᠨ ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠴᠢᠬᠤᠯᠠ ᠶᠡᠭᠡ ᠠᠵᠠ | ᠲᠣᠭᠢᠶᠠᠯ ᠢ ᠡᠵᠡᠮᠳᠡᠵᠦ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠦᠶ᠎ᠡ᠃ | ᠬᠤᠶᠠᠷ ᠲᠠᠯ᠎ᠠ ᠶᠢᠨ ᠪᠠᠷᠢᠮᠵᠢᠶᠠᠲᠤ ᠵᠢᠮᠳᠦ ᠲᠡᠮᠦᠷ ᠵᠠᠮ᠂ ᠲᠦᠷᠭᠡᠨ ᠤ ᠵᠠᠰᠠᠮᠠᠯ ᠵᠠᠮ᠂ ᠣᠶᠤᠨᠲᠤ ᠬᠢᠯᠢ ᠶᠢᠨ ᠪᠣᠭᠤᠮᠲᠠ ᠶᠢ ᠪᠦᠬᠦ ᠲᠠᠯ᠎ᠠ ᠪᠠᠷ ᠬᠤᠯᠪᠣᠨ | ᠨᠡᠪᠲᠡᠷᠡᠭᠦᠯᠬᠦ ᠶᠢ ᠡᠷᠲᠡᠬᠡᠨ ᠪᠡᠶᠡᠯᠡᠭᠦᠯᠦᠶ᠎ᠡ᠃ ᠵᠣᠬᠢᠶᠠᠮᠠᠯ ᠤᠶᠤᠨ ᠴᠢᠳᠠᠪᠤᠷᠢ᠂ ᠪᠠᠷᠠᠭᠠᠨ ᠤ ᠰᠦᠯᠵᠢᠶ᠎ᠡ ᠵᠡᠷᠭᠡ ᠳᠡᠭᠡᠳᠦ ᠮᠡᠷᠭᠡᠵᠢᠯ ᠤᠨ ᠬᠠᠮᠲᠤᠷᠠᠯᠴᠠᠭ᠎ᠠ ᠶᠢ | ᠠᠬᠢᠭᠤᠯᠤᠶ᠎ᠠ᠃ ᠳᠤᠮᠳᠠᠳᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠢᠮᠠᠭᠲᠠ ᠸᠢᠶᠧᠲᠨᠠᠮ ᠳᠤ ᠨᠡᠭᠡᠭᠡᠯᠲᠡ ᠬᠢᠵᠦ᠂ ᠸᠢᠶᠧᠲᠨᠠᠮ ᠤᠨ ᠨᠡᠩ | ᠤᠯᠠᠨ ᠰᠢᠯᠢᠳᠡᠭ ᠦᠢᠯᠡᠳᠬᠦᠨ ᠢ ᠳᠤᠮᠳᠠᠳᠤ ᠤᠯᠤᠰ ᠲᠤ ᠭᠠᠷᠭᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ | ᠤᠯᠤᠰ ᠤᠨ ᠠᠵᠤ ᠠᠬᠤᠶᠢᠯᠠᠯ ᠤᠨ ᠸᠢᠶᠧᠲᠨᠠᠮ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠵᠤ᠂ ᠸᠢᠶᠧᠲᠨᠠᠮ ᠤᠨ ᠲᠠᠯ᠎ᠠ ᠶᠢᠨ ᠬᠢᠨ ᠨᠡᠩ ᠡᠷᠬᠡ ᠲᠡᠭᠰᠢ | ᠨᠥᠭᠦᠷᠰᠡᠭ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠶᠢ ᠬᠦᠰᠡᠵᠦ ᠪᠠᠶᠢᠨ᠎ᠠ᠃ | ᠳᠥᠷᠪᠡ ᠳᠤ ᠨᠡᠩ ᠥᠷᠭᠡᠨ ᠳᠡᠯᠭᠡᠷ ᠠᠷᠠᠳ ᠤᠨ ᠰᠠᠨᠠᠭ᠎ᠠ ᠶᠢᠨ ᠬᠤᠯᠪᠣᠭᠠᠰᠤ ᠶᠢ ᠪᠠᠲᠤ ᠴᠢᠩᠭᠠᠯᠠᠶ᠎ᠠ᠃ ᠡᠨᠡ ᠵᠢᠯ ᠤᠨ ︽ᠳᠤᠮᠳᠠᠳᠤ ᠸᠢᠶᠧᠲᠨᠠᠮ ᠤᠨ | ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ ᠠᠵᠠ ᠲᠣᠭᠢᠶᠠᠯ ᠪᠤᠯᠭᠠᠵᠤ᠂ ᠤᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ | ᠣᠯᠣᠭᠰᠠᠨ ᠨᠡᠩ ᠤᠯᠠᠨ ᠨᠥᠭᠦᠷᠰᠡᠭ ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠯ᠂ ᠰᠣᠶᠣᠯ᠂ ᠵᠠᠭᠤᠴᠢᠯᠠᠭᠤᠷ᠂ ᠡᠷᠡᠭᠦᠯ ᠬᠠᠮᠠᠭᠠᠯᠠᠯ ᠵᠡᠷᠭᠡ ᠶᠢᠨ | ᠬᠠᠮᠲᠤᠷᠠᠯᠴᠠᠭ᠎ᠠ ᠶᠢ ᠴᠢᠩᠭᠠᠳᠬᠠᠶ᠎ᠠ᠃ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠦᠷᠭᠦᠯᠵᠢᠯᠡᠨ ᠭᠦᠨ ᠠᠭᠤᠳᠠᠯᠤᠨ᠂ ᠨᠥᠭᠦᠷᠰᠡᠭ ᠦᠯᠢᠭᠡᠷ ᠢ ᠰᠠᠶᠢᠲᠤᠷ | ᠶᠠᠷᠢᠵᠤ᠂ ᠬᠤᠶᠢᠰᠢᠳᠠ ᠶᠢᠨ 3 ᠵᠢᠯ ᠳᠤ ᠸᠢᠶᠧᠲᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠣᠴᠢᠭᠤᠯᠤᠨ ︽ᠬᠤᠪᠢᠰᠬᠠᠯ ᠤᠨ ᠰᠤᠳᠤᠯᠭᠠᠨ ᠤ | ᠠᠶᠠᠯᠠᠯ︾ ᠢ ᠥᠷᠨᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠳᠤ ᠬᠤᠪᠢᠰᠬᠠᠯ ᠤᠨ ᠲᠦᠷᠦ ᠭᠦᠷᠦᠨ ᠢ | ᠭᠢᠯᠪᠠᠷ ᠪᠤᠰᠤ ᠪᠠᠷ ᠣᠯᠵᠤ ᠢᠷᠡᠭᠰᠡᠨ᠂ ᠬᠤᠶᠠᠷ ᠤᠯᠤᠰ ᠤᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠡᠷᠬᠢᠮ ᠨᠠᠨᠳᠢᠨ ᠭᠡᠳᠡᠭ ᠢ ᠣᠶᠢᠯᠠᠭᠠᠭᠤᠯᠵᠤ | ᠂ ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠬᠥᠭᠵᠢᠯᠲᠡ ᠪᠣᠯᠣᠨ ᠥᠪᠡᠷ ᠥᠪᠡᠷ ᠤᠨ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ ᠤᠯᠠᠨ ᠵᠠᠯᠠᠭᠤ | ᠬᠦᠴᠦᠨ ᠢ ᠬᠥᠮᠥᠵᠢᠭᠦᠯᠵᠦ ᠥᠭᠭᠦᠶ᠎ᠡ᠃ | ᠲᠠᠪᠤ ᠳᠤ ᠨᠡᠩ ᠨᠢᠭᠲᠠ ᠤᠯᠠᠨ ᠲᠠᠯᠠᠲᠤ ᠬᠠᠮᠵᠢᠯᠴᠠᠭ᠎ᠠ ᠶᠢ ᠥᠷᠨᠢᠭᠦᠯᠦᠶ᠎ᠡ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ | ᠪᠦᠲᠦᠭᠡᠯ ᠢ ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ | ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ | ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠭᠤᠷᠪᠠᠨ ᠶᠡᠭᠡ ᠪᠦᠬᠦ | ᠪᠥᠮᠪᠥᠷᠴᠡᠭ ᠤᠨ ᠰᠠᠨᠠᠭᠠᠴᠢᠯᠠᠭ᠎ᠠ ᠶᠢᠨ ᠪᠦᠳᠦᠭᠦᠪᠴᠢ ᠵᠥᠪᠯᠡᠯᠴᠡᠭᠡᠷ ᠤᠨ ᠳᠣᠲᠣᠷᠠᠬᠢ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠳᠣᠲᠣᠨᠣ | ᠦᠨᠡᠨᠴᠢ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ | ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠪᠠᠷᠢᠮᠲᠠᠯᠠᠵᠤ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠬᠥᠷᠰᠢ ᠵᠡᠷᠭᠡᠯᠡᠳᠡᠭᠡ ᠳᠡᠭᠡᠨ ᠨᠡᠩ ᠢᠯᠡᠭᠦᠦ | ᠬᠦᠷᠲᠡᠭᠡᠨ᠎ᠡ᠃ | ᠵᠢᠷᠭᠤᠭ᠎ᠠ ᠳᠤ᠂ ᠳᠠᠯᠠᠢ ᠳᠡᠭᠡᠷᠡᠬᠢ ᠨᠡᠩ ᠰᠠᠶᠢᠨ ᠬᠤᠷᠰᠢᠯᠴᠠᠭ᠎ᠠ ᠶᠢ ᠪᠡᠶᠡᠯᠡᠭᠦᠯᠦᠶ᠎ᠡ᠃ ᠬᠤᠶᠠᠷ ᠤᠯᠤᠰ ᠤᠨ ᠤᠳᠤᠷᠢᠳᠬᠤ ᠬᠥᠮᠥᠰ ᠤᠨ ᠬᠠᠮᠲᠤ ᠶᠢᠨ | ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ | ᠥᠷᠭᠡᠳᠬᠡᠵᠦ᠂ ᠬᠠᠮᠲᠤ ᠪᠠᠷ ᠨᠡᠭᠡᠭᠡᠨ ᠬᠥᠭᠵᠢᠭᠦᠯᠬᠦ ᠶᠢ ᠵᠣᠷᠢᠭ ᠰᠢᠭᠤᠳᠤᠨ ᠡᠬᠢᠯᠡᠭᠦᠯᠵᠦ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢ | ᠲᠦᠷᠭᠡᠬᠡᠨ ᠲᠣᠬᠢᠷᠠᠯᠴᠠᠬᠤ ᠶᠢ ᠠᠬᠢᠭᠤᠯᠤᠶ᠎ᠠ᠃ | ᠰᠦ᠋ ᠯᠢᠨ ᠠᠴᠠ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | 75 ᠵᠢᠯ ᠤᠨ ᠣᠶ ᠶᠢᠨ ᠲᠠᠰᠢᠷᠠᠮ ᠢᠶᠠᠷ ᠸᠢᠶᠧᠲᠨᠠᠮ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠬᠠᠯᠠᠭᠤᠨ ᠢᠶᠠᠷ ᠤᠭᠲᠤᠪᠠ᠃ ᠰᠦ᠋ ᠯᠢᠨ᠂ | ᠶᠡᠷᠦᠩᠬᠡᠢ ᠱᠦᠵᠢ ᠰᠢ ᠶᠢᠨ ᠫᠢᠩ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠭᠠᠷᠮᠠᠭᠠᠢ ᠤᠳᠤᠷᠢᠳᠤᠭᠴᠢ ᠮᠥᠨ᠂ ᠪᠠᠰᠠ ᠴᠤ ᠸᠢᠶᠧᠲᠨᠠᠮ ᠤᠨ ᠠᠷᠠᠳ | ᠲᠦᠮᠡᠨ ᠤ ᠠᠭᠤᠤ ᠶᠡᠭᠡ ᠨᠠᠶᠢᠵᠠ ᠮᠥᠨ᠃ ᠶᠡᠷᠦᠩᠬᠡᠢ ᠱᠦᠵᠢ ᠰᠢ ᠶᠢᠨ ᠫᠢᠩ ᠡᠨᠡ ᠵᠢᠯ ᠤᠨ ᠠᠩᠬᠠᠳᠠᠭᠴᠢ ᠭᠠᠳᠠᠭᠠᠳᠤ ᠤᠯᠤᠰ ᠲᠠᠬᠢ ᠠᠶᠢᠯᠴᠢᠯᠠᠯᠲᠠ ᠳᠠᠭᠠᠨ | ᠸᠢᠶᠧᠲᠨᠠᠮ ᠳᠤ ᠢᠷᠡᠭᠰᠡᠨ ᠨᠢ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠨ ᠦᠵᠡᠵᠦ ᠪᠠᠶᠢᠬᠤ ᠪᠠ ᠸᠢᠶᠧᠲᠨᠠᠮ ᠢ ᠲᠡᠮᠵᠢᠵᠥ ᠪᠠᠶᠢᠬᠤ ᠶᠢ | ᠭᠦᠢᠴᠡᠳ ᠢᠯᠡᠷᠡᠭᠦᠯᠪᠡ᠃ ᠲᠤᠰ ᠤᠳᠠᠭ᠎ᠠ ᠶᠢᠨ ᠠᠶᠢᠯᠴᠢᠯᠠᠯᠲᠠ ᠨᠢ ᠯᠠᠪᠲᠠᠢ ᠬᠤᠶᠠᠷ ᠨᠠᠮ ᠬᠤᠶᠠᠷ ᠤᠯᠤᠰ ᠤᠨ ᠨᠥᠭᠦᠷᠰᠡᠭ ᠶᠠᠪᠤᠯᠴᠠᠭ᠎ᠠ ᠶᠢᠨ ᠲᠡᠦᠬᠡᠨ | ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠣᠯᠵᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠪᠣᠯᠣᠨ᠎ᠠ ᠭᠡᠵᠦ ᠢᠯᠡᠳᠬᠡᠪᠡ᠃ | ᠰᠦ᠋ ᠯᠢᠨ᠂ ᠶᠡᠷᠦᠩᠬᠡᠢ ᠱᠦᠵᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠦᠬᠦ ᠲᠠᠯ᠎ᠠ ᠪᠠᠷ ᠠᠬᠢᠵᠤ᠂ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠦᠷᠭᠡᠨ ᠬᠥᠭᠵᠢᠵᠦ᠂ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠰᠤᠷᠠᠯᠲᠠ ᠦᠭᠡᠢ | ᠳᠡᠭᠡᠭᠰᠢᠯᠡᠪᠡ᠂ ᠸᠢᠶᠧᠲᠨᠠᠮ ᠤᠨ ᠬᠢᠨ ᠡᠭᠦᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠣᠷᠳᠣ ᠬᠤᠭᠤᠴᠠᠭᠠᠨ ᠤ | ᠲᠤᠷᠰᠢ ᠸᠢᠶᠧᠲᠨᠠᠮ ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠭᠡᠵᠦ ᠢᠯᠡᠳᠬᠡᠪᠡ᠃ | ᠰᠦ᠋ ᠯᠢᠨ᠂ ᠸᠢᠶᠧᠲᠨᠠᠮ ᠪᠣᠯᠣᠨ ᠳᠤᠮᠳᠠᠳᠤ ᠤᠯᠤᠰ ᠪᠣᠯ ᠪᠦᠷ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠪᠣᠯᠣᠨ᠎ᠠ᠂ | ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠪᠣᠯ ᠸᠢᠶᠧᠲᠨᠠᠮ ᠤᠨ ᠪᠤᠰᠤᠳᠴᠢ ᠱᠠᠭᠠᠷᠳᠠᠯᠭ᠎ᠠ ᠮᠥᠨ᠂ ᠪᠠᠶᠢᠯᠳᠤᠬᠤ ᠪᠣᠳᠣᠯᠭ᠎ᠠ ᠶᠢᠨ | ᠰᠣᠩᠭᠤᠯᠲᠠ ᠪᠠ ᠲᠡᠷᠢᠭᠦᠨ ᠴᠢᠬᠤᠯᠠ ᠰᠣᠩᠭᠤᠯᠲᠠ ᠮᠥᠨ᠃ ᠸᠢᠶᠧᠲᠨᠠᠮ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ | ᠬᠡᠷᠡᠭᠵᠢᠭᠦᠯᠵᠦ᠂ ᠳᠤᠮᠳᠠᠳᠤ ᠤᠯᠤᠰ ᠤᠨ ᠨᠢᠭᠡᠳᠦᠯ ᠤᠨ ᠶᠡᠭᠡ ᠦᠢᠯᠡᠰ ᠢᠶᠠᠨ ᠪᠡᠶᠡᠯᠡᠭᠦᠯᠬᠦ ᠶᠢ ᠳᠡᠮᠵᠢᠵᠦ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ | ᠶᠠᠮᠠᠷᠪᠠ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ᠃ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ | ᠠᠬᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠦ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠨ᠎ᠡ᠃ | ᠸᠢᠶᠧᠲᠨᠠᠮ ᠤᠨ ᠬᠢᠨ ᠳᠤᠮᠳᠠᠳᠤ ᠤᠯᠤᠰ ᠯᠤᠭ᠎ᠠ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ | ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠪᠠᠲᠤᠳᠬᠠᠬᠤ︔ ᠬᠤᠶᠠᠷ ᠲᠠᠯ᠎ᠠ ᠶᠢᠨ ᠬᠠᠮᠲᠤᠷᠠᠯᠴᠠᠭᠠᠨ ᠤ | ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ᠂ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠨᠡᠩ ᠤᠯᠠᠨ ᠭᠢᠯᠠᠰ ᠴᠡᠭ ᠢ ᠪᠤᠢ ᠪᠤᠯᠭᠠᠬᠤ︔ ᠰᠣᠶᠣᠯ ᠢᠷᠭᠡᠨᠰᠢᠯ ᠤᠨ ᠰᠣᠯᠢᠯᠴᠠᠭ᠎ᠠ ᠶᠢ | ᠠᠬᠢᠭᠤᠯᠵᠤ᠂ ᠣᠷᠣᠨ ᠨᠤᠲᠤᠭ᠂ ᠵᠠᠯᠠᠭᠤᠴᠤᠳ ᠤᠨ ᠶᠠᠪᠤᠯᠴᠠᠭ᠎ᠠ ᠶᠢ ᠠᠬᠢᠭᠤᠯᠵᠤ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ | ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠸᠢᠶᠧᠲᠨᠠᠮ ᠤᠨ ᠬᠢᠨ ᠶᠡᠷᠦᠩᠬᠡᠢ ᠱᠦᠵᠢ | ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠪᠣᠯᠣᠨ ᠭᠤᠷᠪᠠᠨ ᠶᠡᠭᠡ | ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠬᠥᠷᠰᠢ ᠵᠡᠷᠭᠡᠯᠡᠳᠡᠭᠡ ᠶᠢᠨ | ᠠᠵᠢᠯ ᠤᠨ ᠬᠤᠷᠠᠯ ᠠᠴᠠ ᠬᠥᠷᠰᠢ ᠵᠡᠷᠭᠡᠯᠡᠳᠡᠭᠡ ᠤᠯᠤᠰ ᠯᠤᠭ᠎ᠠ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠠᠯᠤᠰ ᠤᠨ ᠲᠥᠰᠥᠪ ᠪᠠ | ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ ᠴᠢᠭᠯᠡᠯᠲᠡ ᠶᠢ ᠪᠠᠷᠢᠮᠲᠠᠯᠠᠬᠤ ᠪᠠᠷ ᠲᠣᠭᠲᠠᠭᠰᠠᠨ ᠢ ᠳᠡᠭᠡᠳᠦ | ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠸᠢᠶᠧᠲᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠪᠣᠯᠣᠨ ᠬᠠᠮᠵᠢᠯᠴᠠᠭ᠎ᠠ ᠪᠠᠨ | ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠲᠤ ᠰᠠᠬᠢᠵᠤ᠂ ᠤᠯᠠᠨ ᠤᠯᠤᠰ ᠤᠨ | ᠠᠷᠠᠯᠵᠢᠶᠠᠨ ᠤ ᠳᠦᠷᠢᠮ ᠢ ᠬᠠᠮᠠᠭᠠᠯᠠᠵᠤ᠂ ᠬᠤᠶᠠᠷ ᠲᠠᠯ᠎ᠠ ᠶᠢᠨ ᠲᠣᠭᠲᠠᠭᠰᠠᠨ ᠬᠡᠯᠡᠯᠴᠡᠭᠡᠷ ᠢ ᠵᠢᠷᠤᠮᠯᠠᠵᠤ᠂ ᠬᠠᠮᠲᠤ ᠪᠠᠷ ᠳᠡᠯᠡᠬᠡᠢ ᠶᠢᠨ ᠡᠩᠬᠡ ᠲᠠᠶᠢᠪᠤᠩ ᠪᠣᠯᠣᠨ | ᠬᠥᠮᠥᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ ᠸᠢᠶᠧᠲᠨᠠᠮ ᠤᠨ ᠬᠢᠨ ᠳᠤᠷᠠᠲᠠᠶ᠎ᠠ ᠳᠤᠮᠳᠠᠳᠤ | ᠤᠯᠤᠰ ᠲᠠᠢ ᠲᠠᠯᠠᠢ ᠳᠡᠭᠡᠷᠡᠬᠢ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ᠂ ᠲᠠᠯᠠᠢ ᠳᠡᠭᠡᠷᠡᠬᠢ ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠦ᠋ ᠯᠢᠨ ᠰᠢ ᠶᠢᠨ ᠫᠢᠩ ᠢ ᠤᠷᠢᠵᠤ ᠪᠠᠭ᠎ᠠ ᠬᠡᠪᠴᠢᠶᠡᠨ ᠤ ᠴᠠᠶᠢᠯᠠᠯᠭ᠎ᠠ ᠬᠢᠪᠡ᠃ ᠬᠤᠶᠠᠷ ᠨᠠᠮ ᠤᠨ ᠶᠡᠷᠦᠩᠬᠡᠢ | ᠱᠦᠵᠢ ᠨᠠᠮ ᠢ ᠵᠠᠰᠠᠬᠤ ᠲᠦᠷᠦ ᠶᠢ ᠵᠠᠰᠠᠬᠤ ᠣᠶᠢᠯᠠᠭᠠᠭᠳᠠᠬᠤᠨ ᠤ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠨᠠᠮ ᠤᠨ ᠪᠠᠶᠢᠭᠤᠯᠤᠯᠲᠠ ᠨᠢ ᠨᠠᠮ | ᠪᠣᠯᠣᠨ ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠵᠤ᠂ ᠨᠠᠮ ᠤᠨ ᠰᠤᠷᠲᠠᠯ ᠨᠢ ᠬᠥᠮᠥᠨ ᠤ ᠰᠡᠳᠬᠢᠯ ᠤᠨ ᠬᠦᠷᠢᠶᠡᠯᠡᠬᠦ ᠪᠠ ᠡᠰᠡᠷᠭᠦᠴᠡᠬᠦ ᠲᠠᠢ | ᠬᠤᠯᠪᠣᠭᠳᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠡᠨᠡ ᠵᠢᠯ ᠪᠦᠬᠦ ᠨᠠᠮ ᠢᠶᠠᠷ ᠢᠶᠠᠨ ᠲᠥᠪ ᠶᠢᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ | ᠪᠦᠲᠦᠮᠵᠢ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠪᠠᠷ ᠲᠣᠭᠲᠠᠪᠠ᠃ ᠬᠤᠶᠠᠷ ᠨᠠᠮ ᠤᠨ ᠶᠡᠷᠦᠩᠬᠡᠢ ᠱᠦᠵᠢ ᠰᠣᠯᠢᠯᠴᠠᠭ᠎ᠠ ᠪᠠᠨ ᠴᠢᠩᠭᠠᠳᠬᠠᠵᠤ ᠬᠠᠷᠢᠯᠴᠠᠨ | ᠲᠣᠯᠢ ᠪᠤᠯᠭᠠᠬᠤ᠂ ᠨᠡᠶᠢᠭᠡᠮ ᠵᠢᠷᠤᠮ ᠤᠨ ᠵᠠᠮ ᠢᠶᠠᠷ ᠬᠠᠮᠲᠤ ᠪᠠᠷ ᠰᠠᠶᠢᠲᠤᠷ ᠵᠠᠮᠨᠠᠬᠤ ᠪᠠᠷ ᠰᠠᠨᠠᠯ ᠨᠢᠭᠡᠲᠡᠢ ᠵᠥᠪᠰᠢᠶᠡᠷᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠲᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ | ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ ᠬᠠᠮᠲᠤ ᠪᠠᠷ ᠭᠡᠷᠡᠴᠢᠯᠡᠵᠦ᠂ ᠬᠤᠯᠪᠣᠯᠳᠤᠨ ᠨᠡᠪᠲᠡᠷᠡᠯᠴᠡᠬᠦ᠂ ᠵᠣᠬᠢᠶᠠᠮᠠᠯ ᠤᠶᠤᠨ | ᠴᠢᠳᠠᠪᠤᠷᠢ᠂ ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ ᠢ ᠪᠠᠶᠢᠴᠠᠭᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ᠂ ᠰᠣᠶᠣᠯ ᠪᠠ ᠪᠡᠶ᠎ᠡ ᠶᠢᠨ | ᠲᠠᠮᠢᠷ᠂ ᠠᠷᠠᠳ ᠤᠨ ᠠᠮᠢᠳᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠵᠠᠭᠤᠴᠢᠯᠠᠭᠤᠷ ᠵᠡᠷᠭᠡ ᠬᠦᠷᠢᠶ᠎ᠡ ᠴᠠᠷᠠᠭ᠎ᠠ ᠶᠢ | ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠲᠨᠠᠮ | ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ | ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠲᠤᠰ ᠣᠷᠣᠢ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ ᠸᠢᠶᠧᠲᠨᠠᠮ ᠤᠨ ᠤᠯᠤᠰ ᠤᠨ | ᠲᠡᠷᠢᠭᠦᠯᠡᠭᠴᠢ ᠯᠢᠶᠠᠩ ᠴᠢᠶᠠᠩ ᠬᠠᠮᠲᠤ ᠪᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ ᠵᠡᠷᠭᠡ ᠤᠳᠤᠷᠢᠳᠬᠤ ᠨᠥᠬᠦᠳ ᠪᠠᠷ᠎ᠠ ᠪᠣᠯᠵᠤ ᠣᠷᠣᠯᠴᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | | |