4 ᠰᠠᠷ᠎ᠠ ᠶᠢᠨ 14 ᠡᠳᠦᠷ᠂ ᠦᠦᠰᠢᠨ ᠬᠤᠰᠢᠭᠤᠨ ᠤ ︽ᠬᠤᠶᠠᠷ ᠢ ᠤᠷᠢᠵᠤ ᠬᠤᠶᠠᠷ ᠢ ᠣᠷᠣᠭᠤᠯᠬᠤ︾ ᠲᠠᠨᠢᠯᠴᠠᠭᠤᠯᠭ᠎ᠠ ᠶᠢᠨ ᠬᠤᠷᠠᠯ ᠵᠢᠴᠢ ᠵᠥᠩ | ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠺᠤᠮᠫᠠᠨᠢ ᠶᠢᠨ ᠠᠵᠤ ᠦᠢᠯᠡᠰ ᠤᠨ ᠬᠡᠯᠬᠢᠶᠡᠵᠢᠯ ᠢ ᠥᠷᠭᠡᠳᠬᠡᠬᠦ ᠰᠣᠯᠢᠯᠴᠠᠭᠠᠨ ᠤ ᠬᠤᠷᠠᠯ ᠴᠢᠩᠳᠣᠤ ᠬᠤᠳᠠ | ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ | ᠠᠵᠢᠯᠯᠠᠬᠤ ᠬᠤᠷᠢᠶᠠᠨ ᠤ ᠱᠦᠵᠢ ᠰᠢᠨ᠎ᠡ ᠠᠵᠢᠯᠯᠠᠭ᠎ᠠ ᠳᠤ ᠣᠷᠣᠯᠴᠠᠵᠤ ᠪᠠᠶᠠᠷ ᠤᠨ ᠦᠭᠡ ᠶᠠᠷᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠬᠤᠯᠪᠣᠭᠳᠠᠯ ᠪᠦᠬᠦᠢ ᠠᠵᠤ | ᠠᠬᠤᠶᠢᠯᠠᠯ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠬᠠᠨ ᠢᠦᠶ ᠹᠧᠩ ᠮᠠᠨ ᠤ ᠬᠤᠰᠢᠭᠤᠨ ᠤ ︽ᠬᠤᠶᠠᠷ ᠢ ᠤᠷᠢᠵᠤ ᠬᠤᠶᠠᠷ ᠢ ᠣᠷᠣᠭᠤᠯᠬᠤ︾ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠲᠠᠨᠢᠯᠴᠠᠭᠤᠯᠤᠭᠰᠠᠨ ᠪᠠᠶᠢᠨ᠎ᠠ᠃ | | | | | | ᠰᠢᠨ᠎ᠡ ᠲᠠᠨᠢᠯᠴᠠᠭᠤᠯᠭ᠎ᠠ ᠶᠢᠨ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ᠂ ᠮᠠᠨ ᠤ ᠬᠤᠰᠢᠭᠤᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢ ᠳᠥᠷᠪᠡᠨ ᠲᠠᠯ᠎ᠠ ᠪᠠᠷ ᠲᠠᠨᠢᠯᠴᠠᠭᠤᠯᠪᠠ᠃ ᠲᠡᠷᠡ ᠶᠠᠷᠢᠶᠠᠨ ᠳᠠᠭᠠᠨ᠂ ᠦᠦᠰᠢᠨ | ᠬᠤᠰᠢᠭᠤ ᠤᠷᠳᠤᠰ ᠲᠠᠬᠢ ᠤᠯᠤᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ | ᠰᠠᠭᠤᠷᠢᠨ ᠤ ᠭᠤᠣᠯᠳᠠᠯᠭᠠᠲᠤ ᠣᠷᠣᠨ ᠪᠣᠯᠤᠭᠰᠠᠨ ᠤ ᠬᠤᠪᠢ ᠳᠤ᠂ ᠳᠡᠯᠡᠬᠡᠢ ᠶᠢᠨ ᠲᠡᠷᠢᠭᠦᠨ ᠤ ᠨᠡᠭᠦᠷᠡᠰᠦ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠴᠢᠷᠮᠠᠶᠢᠨ ᠪᠦᠳᠦᠭᠡᠨ ᠪᠠᠶᠢᠭᠤᠯᠵᠤ ᠪᠠᠶᠢᠨ᠎ᠠ᠃ ᠦᠦᠰᠢᠨ ᠬᠤᠰᠢᠭᠤᠨ ᠤ ᠡᠬᠢ ᠪᠠᠶᠠᠯᠢᠭ ᠤᠨ ᠨᠥᠭᠡᠴᠡ | ᠭᠦᠨ ᠵᠤᠵᠠᠭᠠᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠦᠷᠢᠨ ᠲᠡᠭᠦᠯᠳᠡᠷ᠂ ᠠᠵᠤ ᠠᠬᠤᠶᠢᠯᠠᠯ ᠤᠨ ᠬᠥᠭᠵᠢᠯᠲᠡ ᠶᠢᠨ ᠴᠢᠬᠤᠯᠠ | ᠡᠯᠧᠮᠧᠨ᠋ᠲ ᠤᠨ ᠪᠠᠲᠤᠯᠠᠭ᠎ᠠ ᠬᠠᠩᠭᠠᠯᠳᠠᠲᠠᠢ ᠪᠠᠶᠢᠵᠤ᠂ ︽ᠨᠡᠭᠦᠷᠡᠰᠦ — ᠮᠧᠲ᠋ᠢᠯ ᠠᠯᠺᠦᠦᠯ —ᠠᠯᠺᠧᠨ︾ ᠦᠢᠯᠡᠳᠬᠦ ᠪᠣᠯᠤᠨ ︽ᠨᠡᠭᠦᠷᠡᠰᠦ — ᠨᠡᠶᠢᠯᠡᠯᠭᠡ | ᠰᠢᠪᠲᠦᠷ — ᠰᠢᠭᠡᠰᠦᠯᠢᠭ ᠡᠳ᠋︾ ᠦᠢᠯᠡᠳᠬᠦ ᠬᠤᠶᠠᠷ ᠶᠡᠭᠡ ᠭᠤᠣᠯᠯᠠᠬᠤ ᠠᠵᠤ ᠦᠢᠯᠡᠰ ᠢ ᠪᠦᠷᠢᠯᠳᠦᠭᠦᠯᠵᠦ᠂ ᠠᠯᠺᠧᠨ᠂ ᠨᠡᠶᠢᠯᠡᠯᠭᠡ ᠰᠢᠪᠲᠦᠷ ᠤᠨ | ᠭᠤᠣᠯᠳᠠᠯᠭ᠎ᠠ ᠲᠠᠢ ᠥᠷᠭᠡᠳᠬᠡᠯ ᠠᠵᠤ ᠦᠢᠯᠡᠰ ᠤᠨ ᠬᠡᠯᠬᠢᠶᠡᠵᠢᠯ ᠢ ᠲᠦᠷᠭᠡᠨ ᠬᠥᠭᠵᠢᠭᠦᠯᠵᠦ ᠰᠢᠨ᠎ᠡ ᠮᠠᠲ᠋ᠧᠷᠢᠶᠠᠯ ᠤᠨ ᠡᠭᠦᠳᠦᠨ ᠪᠥᠲᠦᠭᠡᠯᠲᠡ᠂ ᠤᠳᠤ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠤᠨ ᠰᠢᠨ᠎ᠡ ᠡᠨᠧᠷᠭᠢ ᠶᠢᠨ ᠠᠭᠤᠰᠤᠯᠴᠠᠯ ᠤᠨ ᠤᠨᠴᠠᠯᠢᠬᠳᠤ ᠠᠵᠤ ᠦᠢᠯᠡᠰ ᠤᠨ ᠬᠡᠯᠬᠢᠶᠡᠵᠢᠯ ᠢ | ᠢᠳᠡᠪᠬᠢᠲᠠᠢ ᠬᠦᠭᠵᠢᠭᠦᠯᠵᠦ ᠪᠠᠶᠢᠨ᠎ᠠ᠃ ᠮᠠᠨ ᠤ ᠬᠤᠰᠢᠭᠤ ᠲᠥᠷᠥᠯ ᠵᠦᠢᠯ ᠤᠨ ︽ᠳᠠᠭᠠᠭᠤᠯᠤᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ᠂ ᠣᠷᠣᠯᠠᠨ | ᠭᠦᠢᠴᠡᠳᠬᠡᠬᠦ︾ ᠦᠢᠯᠡᠴᠢᠯᠡᠭᠡ ᠪᠠᠨ ᠦᠷᠭᠦᠯᠵᠢᠯᠡᠨ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠡᠯ᠎ᠡ ᠴᠠᠷᠠᠭᠠᠨ ᠤ | ᠠᠵᠤ ᠠᠬᠤᠶᠢᠯᠠᠯ ᠪᠣᠯᠤᠨ ᠴᠢᠳᠠᠪᠤᠷᠢᠲᠠᠨ ᠤ ᠦᠦᠰᠢᠨ ᠳᠤ ᠠᠵᠢᠯ ᠦᠢᠯᠡᠰ ᠢᠶᠠᠨ ᠪᠤᠰᠬᠠᠵᠤ᠂ ᠢᠷᠡᠭᠡᠳᠦᠶ ᠶᠢᠨ ᠬᠦᠭᠵᠢᠯᠲᠡ ᠪᠠᠨ ᠬᠠᠮᠲᠤ ᠪᠠᠷ ᠵᠢᠷᠤᠭᠯᠠᠨ | ᠴᠤᠭᠴᠠᠯᠠᠬᠤ ᠶᠢ ᠬᠦᠰᠡᠵᠦ ᠪᠠᠶᠢᠨ᠎ᠠ ᠭᠡᠪᠡ᠃ | ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ 50 ᠭᠠᠷᠤᠶ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ | ᠬᠠᠷᠢᠭᠤᠴᠠᠯᠭᠠᠲᠠᠨ ᠤᠷᠢᠯᠭ᠎ᠠ ᠪᠠᠷ ᠤᠷᠤᠯᠴᠠᠭᠰᠠᠨ ᠪᠠᠶᠢᠨ᠎ᠠ᠃ ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠴᠠᠷᠠᠭᠠᠨ ᠤ ᠬᠥᠭᠵᠢᠯᠲᠡ ᠶᠢᠨ ᠢᠷᠡᠭᠡᠳᠦᠶ ᠶᠢᠨ ᠲᠤᠬᠠᠶ ᠰᠠᠨᠠᠯ ᠢᠶᠠᠨ ᠰᠣᠯᠢᠯᠴᠠᠪᠠ᠃ | ᠬᠤᠷᠠᠯ ᠤᠨ ᠳᠠᠷᠠᠭ᠎ᠠ᠂ ᠰᠢᠨ᠎ᠡ ᠨᠠᠷ ᠪᠠᠰᠠ ᠺᠧ ᠳ᠋ᠠ ᠰᠢᠶᠦ᠋ᠨ ᠹᠸᠢ ᠢᠷᠡᠭᠡᠳᠦᠢ ᠶᠢᠨ ᠭᠠᠷᠠᠮ᠂ ᠴᠢᠩᠳᠣᠤ ᠶᠢᠨ ᠬᠠᠨ ᠯᠠᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠪᠠᠷ ᠪᠠᠶᠢᠴᠠᠭᠠᠨ ᠰᠤᠳᠤᠯᠤᠯᠲᠠ ᠬᠢᠪᠡ᠃ | | | ᠰᠣᠷᠪᠣᠯᠵᠢᠯᠠᠭᠴᠢ᠄ ᠬᠠᠰᠰᠡᠴᠡᠨ |