ᠮᠠᠨ ᠤ ᠬᠤᠰᠢᠭᠤ ᠠᠷᠪᠠᠳᠡᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/17
      ᠥᠨᠥ ᠵᠢᠯ ᠪᠣᠯ ᠤᠯᠤᠰ ᠤᠨ ᠠᠮᠤᠷ ᠲᠦᠪᠰᠢᠨ ᠤ ᠬᠠᠤᠯᠢ ᠶᠢ ᠨᠡᠶᠢᠲᠡᠯᠡᠨ ᠬᠡᠷᠡᠭᠵᠢᠭᠦᠯᠦᠭᠰᠡᠨ 10 ᠵᠢᠯ ᠤᠨ ᠤᠢ ᠪᠣᠯᠤᠨ᠎ᠠ᠃ 4 ᠰᠠᠷ᠎ᠠ ᠶᠢᠨ 15 ᠤ ᠠᠷᠪᠠᠳᠠᠬᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠠᠰᠢᠷᠠᠮ ᠢᠶᠠᠷ᠂ ᠮᠠᠨ ᠤ ᠬᠤᠰᠢᠭᠤ ︽ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠭᠰᠠᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠳᠤᠭᠤᠶᠢᠯᠠᠩ ᠠᠭᠤᠳᠠᠮ ᠲᠠᠯᠠᠪᠠᠢ ᠳᠤ ᠡᠷᠬᠢᠯᠡᠨ ᠶᠠᠪᠤᠭᠳᠠᠭᠤᠯᠪᠠ᠃ ᠲᠣᠰ ᠤᠳᠠᠭᠠᠨ ᠤ ᠠᠵᠢᠯᠯᠠᠭ᠎ᠠ ᠶᠢ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠪᠠᠶᠢᠭᠤᠯᠭ᠎ᠠ ᠨᠢᠭᠡᠴᠢ ᠠᠵᠢᠯᠯᠠᠭ᠎ᠠ ᠳᠤ ᠣᠷᠣᠯᠴᠠᠭᠰᠠᠳ ᠪᠠᠶᠢᠨ᠎ᠠ᠃     ᠠᠬᠤᠢ ᠲᠠᠯᠠᠪᠠᠢ ᠳᠤ᠂ ᠡᠯ᠎ᠡ ᠪᠠᠶᠢᠭᠤᠯᠭ᠎ᠠ ᠨᠢᠭᠡᠴᠢ ᠠᠴᠠ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠳᠡᠯᠭᠡᠨ ᠦᠵᠡᠭᠦᠯᠬᠦ᠂ ᠡᠯᠪᠡᠭ ᠪᠠᠶᠠᠯᠢᠭ ᠠᠭᠤᠯᠭ᠎ᠠ ᠲᠠᠢ ᠤᠬᠠᠭᠤᠯᠭ᠎ᠠ ᠶᠢᠨ ᠮᠠᠲ᠋ᠧᠷᠢᠶᠠᠯ ᠪᠠ ᠵᠢᠵᠢᠭ ᠪᠡᠯᠡᠭ ᠵᠡᠷᠭᠡ ᠬᠡᠯᠪᠡᠷᠢ ᠪᠠᠷ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠭᠰᠠᠨ ᠪᠠᠶᠢᠨ᠎ᠠ᠃ ᠤᠬᠠᠭᠤᠯᠭ᠎ᠠ ᠶᠢᠨ ᠮᠠᠲ᠋ᠧᠷᠢᠶᠠᠯ ᠤᠨ ᠠᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠶᠢᠨ ᠲᠤᠭᠤᠷᠢᠨ ᠳᠤ ᠦᠨᠡᠨ ᠪᠣᠳᠠᠲᠠᠶ ᠬᠡᠷᠡᠭ ᠵᠢᠱᠢᠶ᠎ᠡ ᠪᠠᠷ ᠳᠠᠮᠵᠢᠭᠤᠯᠤᠨ ᠡᠳᠦᠷ ᠲᠤᠲᠤᠮ ᠤᠨ ᠠᠮᠢᠳᠤᠷᠠᠯ ᠳᠤᠮᠳᠠ ᠤᠯᠤᠰ ᠤᠨ ᠠᠮᠤᠷ ᠲᠦᠪᠰᠢᠨ ᠢ ᠰᠦᠷᠳᠡᠭᠦᠯᠵᠦ ᠮᠡᠳᠡᠬᠦ ᠦᠢᠯᠡ ᠠᠵᠢᠯᠯᠠᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠨᠢᠯᠴᠠᠭᠤᠯᠵᠤ᠂ ᠤᠯᠤᠰ ᠤᠨ ᠴᠢᠬᠤᠯᠠ ᠨᠢᠭᠤᠴᠠ ᠵᠠᠳᠠᠷᠠᠭᠳᠠᠬᠤ ᠦᠶ᠎ᠡ ᠶᠢᠨ ᠠᠷᠭᠠᠴᠠᠬᠤ ᠠᠷᠭ᠎ᠠ ᠬᠡᠮᠵᠢᠶ᠎ᠡ ᠶᠢ ᠲᠦᠭᠡᠮᠡᠯᠵᠢᠭᠦᠯᠪᠡ᠃ ᠠᠵᠢᠯᠴᠢᠳ ᠪᠠᠰᠠ ᠰᠠᠭᠤᠭᠠᠯᠢ ᠠᠷᠠᠳ ᠲᠤ ᠤᠯᠤᠰ ᠲᠦᠷᠦ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠵᠡᠷᠭᠡ ᠤᠯᠠᠨ ᠬᠦᠷᠢᠶ᠎ᠡ ᠬᠡᠪᠴᠢᠶᠡᠨ ᠤ ᠠᠮᠤᠷ ᠲᠦᠪᠰᠢᠨ ᠤ ᠮᠡᠳᠡᠯᠭᠡ ᠶᠢ ᠨᠠᠷᠢᠨ ᠨᠢᠮᠪᠠᠢ ᠮᠥᠷᠲᠡᠭᠡᠨ ᠬᠦᠯᠢᠴᠡᠩᠭᠦᠢ ᠪᠠᠷ ᠲᠠᠶᠢᠯᠪᠤᠷᠢᠯᠠᠵᠤ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠪᠠ᠃      ᠣᠶᠢᠯᠠᠭᠠᠭᠰᠠᠨ ᠢᠶᠠᠷ᠂ ᠤᠯᠤᠰ ᠤᠨ ᠠᠮᠤᠷ ᠲᠦᠪᠰᠢᠨ ᠳᠤ ᠤᠯᠤᠰ ᠲᠥᠷᠥ ᠶᠢᠨ ᠠᠮᠤᠷ ᠲᠦᠪᠰᠢᠨ᠂ ᠤᠯᠤᠰ ᠤᠨ ᠭᠠᠵᠠᠷ ᠰᠢᠷᠣᠶ ᠶᠢᠨ ᠠᠮᠤᠷ ᠲᠦᠪᠰᠢᠨ᠂ ᠴᠡᠷᠢᠭ ᠤᠨ ᠶᠠᠪᠤᠳᠠᠯ ᠤᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠴᠥᠮ᠎ᠡ ᠶᠢᠨ ᠠᠮᠤᠷ ᠲᠦᠪᠰᠢᠨ᠂ ᠭᠠᠳᠠᠭᠠᠳᠤ ᠳᠠᠬᠢ ᠠᠰᠢᠭ ᠲᠤᠰᠠ ᠶᠢᠨ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ᠂ ᠰᠠᠨᠰᠠᠷ ᠤᠨ ᠠᠮᠤᠷ ᠲᠦᠪᠰᠢᠨ᠂ ᠲᠦᠢᠯ ᠤᠨ ᠤᠷᠤᠨ ᠤ ᠠᠮᠤᠷ ᠲᠦᠪᠰᠢᠨ᠂ ᠭᠦᠨ ᠳᠠᠯᠠᠢ ᠶᠢᠨ ᠠᠮᠤᠷ ᠲᠦᠪᠰᠢᠨ ᠵᠡᠷᠭᠡ ᠪᠠᠭᠲᠠᠨ᠎ᠠ᠃ ᠡᠲᠡᠭᠡᠷ ᠠᠳᠠᠯᠢ ᠪᠤᠰᠤ ᠲᠠᠯ᠎ᠠ ᠶᠢᠨ ᠠᠮᠤᠷ ᠲᠦᠪᠰᠢᠨ ᠨᠢ ᠬᠠᠮᠲᠤ ᠪᠠᠷ ᠤᠯᠤᠰ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ ᠶᠢᠨ ᠱᠤᠭᠤᠮ ᠢ ᠪᠦᠷᠢᠯᠳᠦᠭᠦᠯᠵᠦ᠂ ᠤᠯᠤᠰ ᠤᠨ ᠬᠥᠭᠵᠢᠯᠲᠡ ᠪᠠ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠪᠢᠳᠠᠨ ᠤ ᠬᠥᠮᠦᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠃      ᠲᠣᠰ ᠤᠳᠠᠭᠠᠨ ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠬᠤᠰᠢᠭᠤᠨ ᠤ ᠥᠷᠭᠡᠨ ᠣᠯᠠᠨ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ ᠲᠤᠬᠠᠶ ᠤᠶᠢᠯᠠᠭᠠᠯᠲᠠ ᠲᠠᠨᠢᠯᠲᠠ ᠶᠢ ᠤᠯᠠᠮ ᠨᠢᠭᠡ ᠠᠯᠬᠤᠮ  ᠭᠦᠨᠵᠡᠭᠡᠶᠢᠷᠡᠭᠦᠯᠵᠦ ︽ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠭᠦᠨ ᠵᠤᠵᠠᠭᠠᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠪᠣᠶ ᠪᠣᠯᠭᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠤᠶᠢᠰᠢᠳᠠ᠂ ᠮᠠᠨ ᠤ ᠬᠤᠰᠢᠭᠤ ᠨᠡᠩ ᠣᠯᠠᠨ ᠬᠡᠯᠪᠡᠷᠢ ᠶᠢᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠤᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠬᠤ ᠪᠠᠷ ᠴᠢᠷᠮᠠᠶᠢᠨ᠎ᠠ᠃                            ᠰᠤᠷᠪᠤᠯᠵᠢᠯᠠᠭᠴᠢ᠄ ᠷᠢᠸᠠᠳᠢ᠂ ᠶᠠᠨ ᠸᠧᠢ᠂ ᠷᠧᠨ ᠰᠢᠤᠸᠠᠨ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ