ᠣᠷᠳᠣᠰ ᠬᠤᠳᠠ ᠶᠢᠨ ᠵᠠᠭᠤᠨ ᠲᠠᠯᠠᠪᠤᠷ ᠰᠡᠳᠬᠢᠴᠡ ᠶᠢᠨ ᠡᠷᠡᠭᠦᠯ ᠮᠡᠨᠳᠦ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/4/17
      ᠮᠠᠨ ᠤ ᠬᠤᠰᠢᠭᠤ ᠶᠣᠰᠣ ᠰᠤᠷᠲᠠᠬᠤᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢ ᠣᠯᠠᠮ ᠨᠢᠭᠡ ᠠᠯᠬᠤᠮ ᠭᠦᠨᠵᠡᠭᠡᠶᠢᠷᠡᠬᠦᠯᠬᠦ ᠶᠢᠨ ᠡᠭᠦᠳᠡᠨ ᠠᠴᠠ ᠣᠶᠢᠷ᠎ᠠ ᠶᠢᠨ ᠡᠳᠦᠷ᠂ ᠣᠷᠳᠣᠰ ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠠᠴᠠ ᠭᠤᠣᠯᠯᠠᠨ ᠡᠷᠬᠢᠯᠡᠭᠰᠡᠡ ᠣᠷᠳᠣᠰ ᠬᠤᠳᠠ ᠶᠢᠨ ᠵᠠᠭᠤᠨ ᠲᠠᠯᠠᠪᠤᠷ ᠰᠡᠳᠬᠢᠴᠡ ᠶᠢᠨ ᠡᠷᠡᠭᠦᠯ ᠮᠡᠨᠳᠦ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠬᠤᠰᠢᠭᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠶᠠᠪᠤᠭᠳᠠᠭᠤᠯᠤᠭᠰᠠᠨ ᠪᠠᠶᠢᠨ᠎ᠠ᠃      ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠰᠪᠦᠷᠢ ᠶᠢᠨ ᠪᠠᠭᠠᠴᠤᠳ ᠤᠨ ᠰᠡᠳᠬᠢᠴᠡ ᠶᠢᠨ ᠬᠠᠶᠢᠷ᠎ᠠ ᠬᠠᠯᠠᠮᠵᠢ ᠶᠢᠨ ᠲᠠᠶᠢᠯᠤᠮᠵᠢ ᠪᠠ ᠠᠩᠭᠢ ᠶᠢᠨ ᠡᠷᠬᠢᠯᠡᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠬᠦᠯᠬᠦ ᠶᠠᠷᠢᠯᠴᠠᠭᠠᠨ ᠤ ᠬᠤᠷᠠᠯ ᠤᠨ ᠬᠡᠯᠪᠡᠷᠢ ᠪᠠᠷ ᠬᠤᠶᠠᠷ ᠬᠡᠰᠡᠭ ᠬᠤᠪᠢᠶᠠᠨ ᠶᠠᠪᠤᠭᠳᠠᠭᠤᠯᠪᠠ᠃ ᠠᠵᠢᠯᠯᠠᠭ᠎ᠠ ᠳᠤ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠡᠳᠬᠢᠴᠡ ᠶᠢᠨ ᠲᠤᠰᠬᠠᠢ ᠮᠡᠷᠭᠡᠵᠢᠯ ᠤᠨ ᠪᠠᠭᠰᠢ ᠶᠢ ᠤᠷᠢᠵᠤ ᠪᠠᠭᠰᠢ ᠰᠤᠷᠤᠭᠴᠢᠳ ᠲᠤ ᠲᠣᠰᠬᠠᠢ ᠲᠠᠶᠢᠯᠣᠮᠵᠢ ᠬᠢᠯᠭᠡᠪᠡ᠃ ᠦᠰᠪᠦᠷᠢ ᠶᠢᠨ ᠪᠠᠭᠠᠴᠤᠳ ᠤᠨ ᠰᠡᠳᠬᠢᠴᠡ ᠶᠢᠨ ᠬᠠᠶᠢᠷ᠎ᠠ ᠬᠠᠯᠠᠮᠵᠢ  ᠶᠢᠨ ᠲᠠᠶᠢᠯᠤᠮᠵᠢ ᠳᠤ ᠪᠠᠭᠰᠢ ᠦᠰᠪᠦᠷᠢ ᠶᠢᠨ ᠪᠠᠭᠠᠴᠤᠳ ᠤᠨ ᠪᠡᠶ᠎ᠡ ᠰᠡᠳᠬᠢᠴᠡ ᠶᠢᠨ ᠬᠤᠪᠢᠷᠠᠯᠲᠠ ᠠᠴᠠ ᠭᠠᠷᠳᠠᠵᠤ᠂ ᠪᠠᠭᠠᠴᠤᠳ ᠲᠤ ᠪᠠᠶᠢᠩᠭᠤ ᠲᠣᠬᠢᠶᠠᠯᠳᠤᠬᠤ ᠰᠡᠳᠬᠢᠴᠡ ᠶᠢᠨ ᠠᠰᠠᠭᠤᠳᠠᠯ ᠵᠢᠴᠢ ᠠᠷᠭᠠᠴᠠᠬᠤ ᠠᠷᠭ᠎ᠠ ᠶᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃ ᠠᠮᠢᠳᠤᠯᠢᠭ ᠬᠡᠷᠡᠭ ᠤᠨ ᠵᠢᠱᠢᠶ᠎ᠡ ᠪᠠ ᠬᠠᠷᠢᠯᠴᠠᠨ ᠦᠢᠯᠡᠳᠦᠯᠴᠡᠬᠦ ᠭᠤᠭᠴᠤᠭ᠎ᠠ ᠪᠠᠷ ᠳᠠᠮᠵᠢᠭᠤᠯᠤᠨ ᠪᠠᠭᠰᠢ ᠠᠴᠠ ᠰᠤᠷᠤᠭᠴᠢᠳ ᠢ ᠬᠥᠲᠥᠯᠥᠨ ᠵᠢᠯᠤᠭᠤᠳᠴᠤ ᠡᠳᠡᠭᠡᠷ ᠪᠡᠶ᠎ᠡ ᠰᠡᠳᠬᠢᠴᠡ ᠶᠢᠨ ᠬᠤᠪᠢᠷᠠᠯᠲᠠ ᠶᠢ ᠵᠥᠪ ᠲᠠᠨᠢᠭᠤᠯᠵᠤ ᠥᠪᠡᠷ ᠢ ᠪᠠᠨ ᠬᠦᠯᠢᠶᠡᠨ ᠠᠪᠬᠤ ᠶᠢ ᠰᠤᠷᠭᠠᠨ ᠤᠷᠮ᠎ᠠ ᠰᠡᠳᠬᠢᠯᠭᠡ ᠶᠢᠨ ᠬᠠᠮᠢᠶᠠᠷᠤᠯᠲᠠ ᠶᠢᠨ ᠠᠷᠭ᠎ᠠ ᠶᠢ  ᠡᠵᠡᠮᠰᠢᠭᠦᠯᠦᠭᠰᠡᠨ ᠪᠠᠶᠢᠨ᠎ᠠ᠃        ᠠᠩᠭᠢ ᠶᠢᠨ ᠡᠷᠬᠢᠯᠡᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠠᠷᠢᠯᠴᠠᠭᠠᠨ ᠤ ᠬᠤᠷᠠᠯ ᠨᠢ ᠠᠩᠭᠢ ᠶᠢᠨ ᠡᠷᠬᠢᠯᠡᠭᠴᠢ ᠠᠴᠠ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠤᠮᠳᠠ ᠲᠤᠯᠭᠠᠷᠠᠵᠤ ᠪᠠᠶᠢᠭ᠎ᠠ ᠰᠡᠳᠬᠢᠴᠡ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ᠂ ᠰᠣᠷᠣᠭᠴᠢᠳ ᠤᠨ ᠰᠡᠳᠬᠢᠴᠡ ᠶᠢᠨ ᠬᠤᠪᠢᠷᠠᠯᠲᠠ ᠶᠢ ᠬᠠᠪᠰᠤᠷᠤᠨ ᠵᠢᠯᠤᠭᠤᠳᠬᠤ ᠪᠣᠯᠪᠠᠰᠤᠷᠠᠯ ᠪᠠ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯᠯᠠᠭᠰᠠᠨ ᠪᠠᠶᠢᠨ᠎ᠠ᠃ ᠵᠢᠯᠣᠭᠤᠳᠣᠭᠴᠢ ᠪᠠᠭᠰᠢ ᠠᠴᠠ ᠰᠣᠨᠢᠷᠬᠠᠯᠲᠦ ᠨᠠᠭᠠᠳᠤᠮ᠂ ᠬᠠᠷᠢᠯᠴᠠᠨ ᠦᠢᠯᠡᠳᠦᠯᠴᠡᠨ ᠶᠠᠷᠢᠯᠴᠠᠬᠤ ᠵᠡᠷᠭᠡ ᠬᠡᠯᠪᠡᠷᠢ ᠪᠠᠷ ᠠᠩᠭᠢ ᠶᠢᠨ ᠡᠷᠬᠢᠯᠡᠭᠴᠢ ᠨᠠᠷ ᠲᠤ ᠰᠡᠳᠬᠢᠴᠡ ᠶᠢᠨ ᠡᠷᠡᠭᠦᠯ ᠮᠡᠨᠳᠦ ᠶᠢᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠭᠤᠯᠤᠭᠰᠠᠨ ᠤ ᠬᠠᠮᠲᠤ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠠᠷᠭ᠎ᠠ ᠶᠢ ᠡᠵᠡᠮᠰᠢᠭᠦᠯᠵᠦ ᠠᠩᠭᠢ ᠨᠢᠭᠡᠴᠢ ᠶᠢᠨ ᠬᠠᠮᠢᠶᠠᠷᠤᠯᠲᠠ ᠳᠠᠬᠢ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠳᠤ ᠢᠳᠡᠪᠬᠢ ᠦᠢᠯᠡᠳᠦᠯ ᠦᠵᠡᠭᠦᠯᠦᠭᠰᠡᠨ ᠪᠠᠶᠢᠨ᠎ᠠ᠃      ᠲᠣᠰ ᠤᠳᠠᠭᠠᠨ ᠤ ᠵᠠᠭᠤᠨ ᠲᠠᠯᠠᠪᠤᠷ ᠰᠡᠳᠬᠢᠴᠡ ᠶᠢᠨ ᠡᠷᠡᠭᠦᠯ ᠮᠡᠨᠳᠦ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ  ᠨᠢ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠡᠯᠪᠡᠷᠢ ᠶᠢ ᠣᠯᠠᠮ ᠨᠢᠭᠡ ᠠᠯᠬᠤᠮ ᠪᠠᠶᠠᠯᠢᠭᠵᠢᠭᠤᠯᠵᠤ᠂ ᠦᠦᠰᠢᠨ ᠬᠤᠰᠢᠭᠤᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠦᠷᠭᠦᠯᠵᠢᠯᠡᠨ ᠴᠢᠬᠤᠯᠠᠴᠢᠯᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠰᠤᠷᠭᠠᠭᠤᠯᠢ᠂ ᠨᠡᠶᠢᠭᠡᠮ ᠲᠣᠭᠤᠷᠢᠭ᠂ ᠭᠡᠷ ᠪᠦᠯᠢ ᠳᠤ ᠬᠦᠷᠭᠡᠬᠦ ᠶᠢ ᠠᠬᠢᠭᠤᠯᠤᠨ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠳᠣᠯᠠᠨ ᠬᠠᠮᠠᠭᠠᠯᠠᠬᠤ ᠪᠠᠷ ᠲᠦᠯᠦᠪᠯᠡᠵᠤ ᠪᠠᠶᠢᠨ᠎ᠠ᠃                                  ᠰᠤᠷᠪᠤᠯᠵᠢᠯᠠᠭᠴᠢ᠄ ᠲᠠᠨ᠎ᠠ᠂ ᠭᠤᠸ ᠶᠢᠩ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ