ᠮᠠᠨ ᠤ ᠬᠤᠰᠢᠭᠤ ᠪᠤᠳᠠᠰ ᠤᠨ ᠪᠤᠰᠤ ᠰᠤᠶᠤᠯ ᠤᠨ ᠥᠪ ᠤᠨ ᠪᠤᠯᠪᠠᠰᠤᠷᠠᠯ ᠦᠷᠨᠢᠬᠦᠯᠪᠡ
ᠨᠡᠶᠢᠲᠡᠯᠡᠭᠰᠡᠨ ᠴᠠᠭ᠄
2025/4/21
      ᠪᠤᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠬᠤ ᠪᠠ ᠦᠪᠯᠡᠨ ᠤᠯᠠᠮᠵᠢᠯᠠᠬᠤ ᠶᠢ ᠤᠯᠠᠮ ᠠᠬᠢᠭᠤᠯᠵᠤ᠂ ᠪᠤᠳᠠᠰ ᠤᠨ ᠪᠤᠰᠤ ᠰᠤᠶᠤᠯ ᠤᠨ ᠥᠪ ᠤᠨ ᠥᠪᠯᠡᠨ ᠤᠯᠠᠮᠵᠢᠯᠠᠭᠴᠢ ᠨᠠᠷ ᠤᠨ ᠦᠵᠡᠯ ᠤᠬᠠᠮᠰᠠᠷ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠂ ᠪᠤᠳᠠᠰ ᠤᠨ ᠪᠤᠰᠤ ᠰᠤᠶᠤᠯ ᠤᠨ ᠥᠪ ᠢ ᠰᠢᠨᠡᠴᠢᠯᠡᠨ ᠠᠰᠢᠭᠯᠠᠬᠤ᠂ ᠦᠪᠯᠡᠨ ᠬᠠᠮᠠᠭᠠᠯᠠᠬᠤ ᠪᠠ ᠰᠤᠶᠤᠯ ᠵᠢᠭᠤᠯᠴᠢᠯᠠᠯ ᠲᠠᠢ ᠠᠭᠤᠰᠤᠯᠴᠠᠭᠤᠯᠤᠨ ᠬᠦᠡᠵᠢᠬᠦᠯᠬᠦ ᠶᠢᠨ ᠳᠤᠰᠠᠳᠠ ᠮᠠᠨ ᠤ ᠬᠤᠰᠢᠭᠤ ᠪᠤᠳᠠᠰ ᠤᠨ ᠪᠤᠰᠤ ᠰᠣᠶᠤᠯ ᠤᠨ ᠥᠪ ᠤᠨ ᠪᠤᠯᠪᠠᠰᠤᠷᠠᠯ ᠢ ᠡᠷᠬᠢᠯᠡᠨ ᠶᠠᠪᠤᠭᠳᠠᠭᠤᠯᠵᠤ᠂ ᠪᠥᠭᠦ ᠬᠤᠰᠢᠭᠤᠨ ᠤ 100 ᠭᠠᠷᠤᠢ ᠦᠪᠯᠡᠨ ᠤᠯᠠᠮᠵᠢᠯᠠᠭᠴᠢ ᠤᠷᠤᠯᠴᠠᠭᠰᠠᠨ ᠪᠠᠶᠢᠨ᠎ᠠ᠃      ᠪᠤᠯᠪᠠᠰᠤᠷᠠᠯ ᠢᠶᠠᠷ ᠮᠠᠨ ᠤ ᠬᠤᠰᠢᠭᠤᠨ ᠤ ᠦᠩᠭᠡᠷᠡᠭᠰᠡᠨ ᠵᠢᠯ ᠤᠨ ᠪᠤᠳᠠᠰ ᠤᠨ ᠪᠤᠰᠤ ᠰᠤᠶᠤᠯ ᠤᠨ ᠲᠠᠯ᠎ᠠ ᠪᠠᠷ ᠬᠢ ᠠᠵᠢᠯ ᠢᠶᠠᠨ ᠳ᠋ᠥᠩᠨᠡᠨ᠂ 2025 ᠣᠨ ᠤ ᠠᠵᠢᠯ ᠤᠨ ᠬᠠᠷᠠᠯᠲᠠ ᠪᠠᠨ ᠲᠤᠳᠤᠷᠬᠠᠶᠢᠯᠠᠭᠰᠠᠨ ᠪᠠᠶᠢᠨ᠎ᠠ᠃ ᠪᠤᠯᠪᠠᠰᠤᠷᠠᠯ ᠲᠡᠭᠡᠷ᠎ᠡ ᠪᠠᠰᠠ ᠮᠠᠨ ᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠠᠴᠠ ᠪᠤᠳᠠᠰ ᠤᠨ ᠪᠤᠰᠤ ᠰᠣᠶᠣᠯ ᠤᠨ ᠥᠪ ᠤᠨ ᠲᠤᠬᠠᠢ ᠲᠤᠰᠬᠠᠢ ᠰᠡᠳᠦᠪᠲᠦ ᠲᠠᠶᠢᠯᠤᠮᠵᠢ ᠭᠢᠵᠤ᠂ ᠪᠤᠳᠠᠰ ᠤᠨ ᠪᠤᠰᠤ ᠰᠤᠶᠤᠯ ᠤᠨ ᠥᠪ ᠤᠨ ᠲᠦᠯᠦᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠠᠴᠠ ᠲᠤᠷᠰᠢᠯᠭ᠎ᠠ ᠮᠡᠷᠭᠡᠵᠢᠯ ᠢᠶᠠᠨ ᠬᠤᠪᠢᠶᠠᠯᠴᠠᠭᠰᠠᠨ ᠪᠠᠶᠢᠨ᠎ᠠ᠃
1.jpg
2.jpg
                                     ᠰᠤᠷᠪᠤᠯᠵᠢᠯᠠᠭᠴᠢ᠄ ᠲᠠᠸᠠᠩᠨᠤᠷᠪᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ