ᠮᠠᠨ ᠤ ᠬᠤᠰᠢᠭᠤ ᠣᠯᠠᠨ ᠡᠬᠢᠲᠦ ᠪᠣᠬᠢᠷᠲᠤᠯ ᠢ ᠵᠠᠰᠠᠵᠤ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠭᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/21
      ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠴᠠᠭ ᠦᠶ᠎ᠡ ᠪᠤᠯᠬᠤᠷ᠂ ᠮᠠᠨ ᠤ ᠬᠤᠰᠢᠭᠤ ᠪᠣᠬᠢᠷᠲᠤᠯ ᠥᠬᠡᠶ ᠬᠥᠭᠵᠢᠯᠲᠡ ᠶᠢᠨ ᠤᠷᠢᠶᠠᠯᠠᠭ᠎ᠠ ᠶᠢ ᠴᠤᠤᠷᠢᠶᠠᠳᠤᠨ ᠲᠠᠭᠠᠵᠤ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠢᠳᠡᠪᠭᠢᠳᠠᠢ ᠥᠷᠨᠢᠭᠦᠯᠤᠨ ᠡᠰᠢ ᠰᠦᠷᠡᠯ ᠢ ᠪᠣᠷᠳᠣᠭᠤᠷ ᠪᠤᠯᠭᠠᠬᠤ᠂ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠬᠤ ᠶᠢ ᠳᠡᠯᠭᠡᠷᠡᠭᠦᠯᠦᠨ ᠬᠡᠷᠡᠭᠵᠢᠭᠦᠯᠬᠦ ᠶᠢᠨ ᠬᠠᠮᠲᠤ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠪᠥᠬᠦ ᠲᠠᠯ᠎ᠠ ᠪᠠᠷ ᠪᠠᠭᠠᠰᠬᠠᠨ ᠲᠠᠷᠢᠶᠠᠯᠠᠩ ᠤᠨ ᠪᠣᠬᠢᠷᠲᠤᠯ ᠥᠬᠡᠶ᠂ ᠥᠷᠭᠦᠯᠵᠢᠯᠡᠬᠦᠶᠢᠴᠡ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠠᠮᠠᠷᠢᠯᠠᠵᠤ ᠪᠠᠶᠢᠨ᠎ᠠ᠃      ᠰᠤᠷᠪᠤᠯᠵᠢᠯᠠᠭᠴᠢ ᠶᠢ ᠰᠢᠷᠬᠤᠰᠤᠨ ᠪᠠᠯᠭᠠᠰᠤᠨ ᠤ ᠪᠦᠬᠦ ᠤᠯᠤᠰ ᠤᠨ ᠡᠰᠢ ᠰᠦᠷᠡᠯ ᠢ ᠶᠡᠷᠤᠩᠬᠡᠶᠢᠯᠡᠨ ᠠᠰᠢᠭᠯᠠᠵᠤ ᠲᠡᠯᠬᠡᠨ ᠦᠵᠡᠬᠦᠯᠬᠦ ᠰᠠᠭᠤᠷᠢᠨ ᠭᠠᠵᠠᠷ ᠲᠤ ᠬᠦᠷᠬᠦ ᠳᠤ ᠠᠵᠢᠯᠲᠠᠳ ᠢᠯᠵᠢᠷᠡᠬᠦᠯᠦᠨ ᠪᠤᠯᠪᠠᠰᠤᠷᠠᠭᠤᠯᠬᠤ ᠡᠳ᠋ ᠪᠠ ᠢᠰᠬᠡᠬᠦ ᠡᠳ᠋ ᠬᠤᠯᠢᠭᠰᠠᠨ ᠡᠷᠳᠡᠨᠢ ᠰᠢᠰᠢ ᠶᠢᠨ ᠭᠤᠤᠯ᠂ ᠡᠰᠢ ᠰᠦᠷᠡᠯ ᠪᠤᠯᠤᠨ ᠠᠮᠢᠳᠠᠨ ᠤ ᠢᠯᠭᠠᠳᠠᠰᠤ ᠶᠢ ᠮᠠᠰᠢᠨ ᠢᠶᠠᠷ ᠤᠷᠪᠠᠭᠤᠯᠤᠨ ᠬᠤᠯᠢᠵᠤ ᠪᠠᠶᠢᠯ᠎ᠠ᠃ ᠡᠭᠦᠨ ᠢ ᠥᠨᠳᠥᠷ ᠳᠤᠯᠠᠭᠠᠨ ᠳᠤ 6-8 ᠡᠳᠦᠷ ᠢᠰᠭᠡᠪᠡᠯ ᠥᠩ ᠰᠢᠮᠡᠯᠢᠭ ᠣᠷᠭᠠᠨᠢᠭ ᠪᠤᠷᠳᠤᠭᠤᠷ ᠪᠣᠯᠵᠤ ᠲᠠᠷᠢᠶᠠᠨ ᠭᠠᠵᠠᠷ ᠲᠤ ᠰᠢᠭᠤᠳ ᠭᠡᠷᠡᠭᠯᠡᠵᠤ ᠪᠤᠯᠤᠨ᠎ᠠ᠃      ᠪᠤᠯᠪᠠᠰᠤᠷᠠᠭᠤᠯᠵᠤ ᠰᠢᠢᠳᠪᠤᠷᠢᠯᠡᠬᠦᠯᠦᠭᠰᠡᠨ ᠤ ᠲᠠᠷᠠᠭᠠᠬᠢ ᠪᠤᠷᠲᠤᠭᠤᠷ ᠨᠢ ᠬᠦᠷᠤᠰᠤ ᠰᠢᠷᠤᠢ ᠶᠢᠨ ᠢᠳᠡᠭᠳᠠᠯ ᠮᠠᠭᠤᠳᠠᠯ ᠢ ᠪᠠᠭᠠᠰᠬᠠᠬᠤ ᠪᠠᠷ ᠪᠠᠷᠠᠬᠤ ᠦᠬᠡᠢ ᠪᠠᠰᠠ ᠬᠦᠷᠦᠰᠦ ᠰᠢᠷᠤᠢ ᠶᠢᠨ ᠰᠢᠮ᠎ᠡ ᠲᠡᠵᠢᠭᠡᠯ ᠢ ᠴᠤ ᠲᠡᠭᠡᠭᠰᠢᠯᠡᠭᠦᠯᠳᠡᠭ ᠠᠴᠠ ᠭᠠᠵᠠᠷ ᠰᠢᠷᠤᠢ ᠶᠢ ᠦᠷᠬᠦᠯᠵᠢᠯᠡᠨ ᠲᠠᠷᠢᠬᠤ ᠳᠤ ᠪᠠᠳᠤᠯᠠᠭ᠎ᠠ ᠬᠠᠩᠭᠠᠨ ᠬᠢᠮᠢ ᠶᠢᠨ ᠪᠣᠷᠳᠣᠭᠤᠷ ᠠᠴᠠ ᠰᠠᠶᠢᠨ ᠲᠠᠯ᠎ᠠ ᠠᠷᠪᠠᠨ  ᠪᠠᠶᠢᠵᠤ ᠮᠠᠯᠴᠢᠨ ᠲᠠᠷᠢᠶᠠᠴᠢᠳ ᠤᠨ ᠬᠦᠷᠢᠶᠡᠯᠡᠯ ᠢ ᠤᠯᠤᠭᠰᠠᠨ ᠪᠠᠢᠨ᠎ᠠ᠃       ᠡᠨᠠ ᠵᠢᠯ ᠮᠠᠨ ᠤ ᠬᠤᠰᠢᠭᠤ᠂ ᠲᠠᠷᠢᠶᠠᠯᠠᠩ ᠤᠨ ᠤᠯᠠᠨ ᠡᠬᠢᠳᠤ ᠪᠤᠬᠢᠷᠳᠤᠯ ᠢ ᠴᠡᠭᠴᠡᠯᠡᠨ ᠵᠠᠰᠠᠵᠤ ᠲᠠᠷᠢᠶᠠᠯᠠᠩ ᠤᠨ ᠠᠮᠢ ᠠᠬᠤᠢ ᠶᠢᠨ ᠤᠷᠴᠢᠨ ᠲᠤᠭᠤᠷᠢᠨ ᠢ ᠪᠦᠬᠦ ᠲᠠᠯ᠎ᠠ ᠪᠠᠷ ᠬᠠᠮᠠᠭᠠᠯᠠᠨ ᠰᠠᠶᠢᠵᠢᠷᠠᠭᠤᠯᠬᠤ ᠶᠢᠨ ᠲᠥᠯᠥᠭᠡ᠂ 1 ᠲᠦᠮᠡᠨ ᠮᠥ ᠥᠨᠳᠥᠷ  ᠭᠡᠷᠡᠭᠴᠡᠭᠡ ᠲᠠᠢ ᠪᠥᠭᠡᠯᠢᠭ ᠵᠤᠵᠠᠭᠠᠨ ᠰᠦᠯᠢᠶᠣᠣ ᠪᠦᠷᠬᠦᠪᠴᠢ ᠶᠢ ᠳᠡᠯᠭᠡᠷᠡᠭᠦᠯᠦᠨ ᠭᠡᠷᠡᠭᠯᠠᠵᠤ᠂ ᠮᠥ ᠪᠦᠷᠢ ᠳᠤ 24 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠤᠯᠭᠤᠬᠤ ᠶᠢᠨ ᠬᠠᠮᠲᠤ 2 ᠲᠦᠮᠡᠨ ᠮᠥ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠤᠨ᠂ ᠮᠥ ᠪᠦᠷᠢ ᠳᠤ 30 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠤᠯᠭᠤᠵᠤ᠂ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠪᠠᠳᠤᠯᠠᠵᠤ ᠪᠠᠶᠢᠨ᠎ᠠ᠃                                    ᠰᠤᠷᠪᠤᠯᠵᠢᠯᠠᠭᠴᠢ᠄ ᠤᠶᠤᠨᠴᠢᠮᠡᠭ᠂ ᠪᠠᠶᠠᠠᠳᠠᠯᠠᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ