ᠤᠷᠳᠤᠰ ᠨᠠᠷᠢᠨ ᠨᠤᠤᠰᠤᠳᠣ ᠬᠤᠨᠢᠨ ᠤ ᠡᠭᠦᠯᠳᠡᠷ ᠤᠨ ᠮᠠᠯ ᠤᠨ ᠴᠢᠨᠡᠷ ᠴᠢᠨᠰᠠᠭ᠎ᠠ ᠶᠢ ᠪᠠᠳᠤᠯᠠᠵᠤ᠂ ᠤᠷᠳᠤᠰ ᠨᠠᠷᠢᠨ ᠨᠤᠤᠰᠤᠳᠣ ᠬᠤᠨᠢᠨ ᠤ ᠠᠵᠤ | ᠤᠶᠢᠯᠡᠰ ᠢ ᠬᠦᠭᠵᠢᠭᠦᠯᠭᠦ ᠶᠢᠨ ᠲᠥᠯᠥᠭᠡ ᠤᠶᠢᠷ᠎ᠠ ᠶᠢᠨ ᠡᠳᠤᠷ ᠠᠴᠠ ᠮᠠᠨ ᠤ ᠬᠤᠰᠢᠭᠤ 1400 ᠲᠤᠯᠤᠭᠠᠢ ᠤᠷᠳᠤᠰ ᠨᠠᠷᠢᠨ ᠨᠤᠤᠰᠤᠳᠤ ᠬᠤᠴᠠ ᠳᠤ ᠬᠢᠨᠠᠨ | ᠲᠤᠭᠳᠠᠭᠠᠯᠳᠠ ᠬᠢᠵᠦ ᠡᠬᠢᠯᠡᠯ᠎ᠡ᠃ | ᠬᠤᠰᠢᠭᠤ ᠲᠠᠷᠢᠶᠠᠯᠡᠩ ᠮᠠᠯ ᠠᠵᠤ ᠠᠬᠤᠢ ᠶᠢᠨ ᠮᠡᠷᠭᠡᠵᠢᠯ ᠢ ᠲᠦᠭᠡᠮᠡᠯᠵᠢᠭᠦᠯᠭᠦ ᠲᠥᠪ ᠪᠤᠯᠤᠨ ᠤᠷᠳᠤᠰ ᠬᠤᠳᠠ ᠶᠢᠨ ᠲᠠᠷᠢᠶᠠᠯᠡᠩ ᠮᠠᠯ ᠠᠵᠤ | ᠠᠬᠤᠢ ᠶᠢᠨ ᠮᠡᠷᠭᠡᠵᠢᠯ ᠢ ᠲᠦᠭᠡᠮᠡᠯᠵᠢᠭᠦᠯᠭᠦ ᠲᠥᠪ ᠤᠨ ᠠᠵᠢᠯᠳᠠᠳ ᠰᠦᠯᠳᠡ ᠰᠤᠮᠤᠨ ᠤ ᠴᠤᠤᠳᠠᠢ ᠭᠠᠴᠠᠭᠠᠨ ᠳᠤ ᠪᠠᠶᠢᠭ᠎ᠠ ︽ᠪᠠᠶᠠᠨ ᠰᠦᠷᠦᠭ︾ | ᠡᠭᠦᠯᠳᠡᠷ ᠤᠨ ᠮᠠᠯ ᠲᠡᠵᠢᠭᠡᠨ ᠪᠦᠢᠵᠢᠭᠤᠯᠬᠤ ᠲᠠᠯᠠᠪᠠᠢ ᠳᠤ ᠤᠷᠳᠤᠰ ᠨᠠᠷᠢᠨ ᠨᠤᠤᠰᠤᠳᠣ ᠬᠤᠴᠠ ᠳᠤ ᠬᠢᠨᠠᠨ ᠲᠤᠭᠳᠠᠭᠠᠯᠳᠠ ᠬᠢᠵᠤ ᠡᠨᠡ ᠤᠳᠠᠭᠠᠨ ᠤ ᠬᠢᠨᠠᠨ | ᠲᠤᠭᠳᠠᠭᠠᠯᠳᠠ ᠪᠠᠷ ᠬᠤᠴᠠᠨ ᠤ ᠪᠡᠶ᠎ᠡ ᠶᠢᠨ ᠬᠦᠨᠳᠤ᠂ ᠠᠬᠠᠷ ᠤᠨ ᠨᠢᠭᠳᠠᠴᠠ᠂ ᠪᠠᠶ᠎ᠡ ᠶᠢᠨ ᠦᠨᠳᠤᠷ᠂ ᠪᠡᠶ᠎ᠡ ᠶᠢᠨ ᠤᠷᠳᠤ᠂ ᠭᠠᠳᠠᠷ ᠪᠠᠶᠢᠳᠠᠯ ᠵᠡᠷᠭᠡ ᠶᠢ ᠨᠠᠷᠢᠨ | ᠪᠠᠶᠢᠴᠠᠭᠠᠵᠤ᠂ ᠬᠢᠷᠢ ᠲᠡᠩᠴᠡᠭᠰᠡᠨ ᠬᠤᠴᠠᠨ ᠳᠤ ᠴᠢᠬᠢᠪᠴᠢ ᠵᠠᠭᠦᠵᠦ ᠨᠠᠷᠢᠨ ᠲᠠᠩᠰᠠ ᠪᠠᠶᠢᠭᠤᠯᠬᠤ ᠪᠠᠷ ᠲᠠᠮᠵᠢᠨ ᠮᠠᠯᠴᠢᠳ ᠲᠤ ᠰᠠᠶᠢᠨ ᠡᠭᠦᠯᠳᠡᠷ ᠤᠨ | ᠦᠷ᠎ᠡ ᠶᠢᠨ ᠮᠠᠯ ᠢ ᠰᠤᠩᠭᠤᠬᠤ ᠳᠤ ᠲᠤᠰᠠᠯᠠᠮᠵᠢ ᠪᠤᠯᠤᠭᠰᠠᠨ ᠪᠠᠶᠢᠨ᠎ᠠ᠃ | ᠡᠨᠡ ᠵᠢᠯ ᠤᠨ ᠬᠢᠨᠠᠨ ᠲᠤᠭᠳᠠᠭᠠᠯᠳᠠ ᠶᠢᠨ ᠠᠵᠢᠯ ᠨᠢ 4 ᠰᠠᠷ᠎ᠠ ᠶᠢᠨ ᠰᠡᠭᠦᠯᠴᠢ ᠪᠤᠯᠳᠠᠯ᠎ᠠ ᠶᠠᠪᠤᠭᠳᠠᠬᠤ ᠪᠠᠷ ᠪᠠᠶᠢᠵᠤ᠂ ᠨᠠᠶᠢᠳᠠ 1400 ᠭᠠᠷᠤᠢ | ᠤᠷᠳᠤᠰ ᠨᠡᠷᠢᠨ ᠨᠤᠤᠰᠤᠳᠣ ᠬᠤᠨᠢᠨ ᠤ ᠡᠭᠦᠯᠳᠡᠷ ᠤᠨ ᠮᠠᠯ ᠳᠤ ᠬᠢᠨᠠᠨ ᠲᠤᠭᠳᠠᠭᠠᠯᠳᠠ ᠬᠢᠭᠦ ᠪᠠᠷ ᠪᠠᠶᠢᠨ᠎ᠠ᠃ | ᠤᠶᠢᠯᠠᠭᠠᠭᠰᠠᠨ ᠢᠶᠠᠷ᠂ ᠮᠠᠨ ᠤ ᠬᠤᠰᠢᠭᠤᠨ ᠳᠤ ᠶᠡᠭᠡ ᠬᠡᠪᠴᠢᠶᠠᠨ ᠤ ᠪᠠᠷᠢᠮᠵᠢᠶᠠᠵᠢᠭᠰᠠᠨ ᠡᠭᠦᠯᠳᠡᠷ ᠤᠨ ᠮᠠᠯ ᠪᠤᠶᠢᠵᠢᠭᠤᠯᠬᠤ ᠲᠠᠯᠠᠪᠠᠢ ᠭᠤᠷᠪᠠ ᠪᠠᠶᠢᠵᠤ | ᠂ ᠡᠭᠦᠯᠳᠡᠷ ᠤᠨ ᠮᠠᠯ ᠪᠤᠶᠢᠵᠢᠭᠤᠯᠵᠤ ᠪᠠᠶᠢᠭ᠎ᠠ ᠮᠠᠯᠴᠢᠨ ᠡᠷᠤᠭᠡ ᠭᠤᠴᠢ ᠭᠠᠷᠤᠢ ᠪᠠᠶᠢᠳᠠᠭ ᠪᠠᠶᠢᠨ᠎ᠠ᠃ | | | ᠰᠤᠷᠪᠤᠯᠵᠢᠯᠠᠭᠴᠢ᠄ ᠪᠤᠶᠠᠨᠳᠤ᠂ ᠲᠠᠸᠠᠩᠨᠤᠷᠪᠤ | |