ᠲᠠᠯ᠎ᠠ ᠨᠤᠲᠤᠭ ᠤᠨ ᠲᠡᠮᠦᠷ ᠵᠠᠮ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠠᠮᠠᠷᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2025/4/21
      ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠮᠬᠢ ᠵᠢᠷᠤᠮ ᠲᠠᠢ ᠶᠠᠪᠤᠭᠳᠠᠬᠤ ᠶᠢ ᠳᠠᠭᠠᠯᠳᠤᠨ᠂ ᠡᠯ᠎ᠡ ᠭᠠᠵᠠᠷ ᠤᠨ ᠬᠠᠪᠤᠷ ᠤᠨ ᠲᠠᠷᠢᠶᠠᠯᠠᠭ᠎ᠠ ᠰᠢᠵᠢᠷ ᠠᠯᠳᠠᠨ ᠴᠠᠭ ᠦᠶ᠎ᠡ ᠳᠤ ᠣᠷᠣᠵᠤ᠂ ᠬᠢᠮᠢ ᠶᠢᠨ ᠪᠤᠷᠳᠤᠭᠤᠷ ᠵᠡᠷᠭᠡ ᠲᠠᠷᠢᠶᠠᠯᠠᠩ ᠤᠨ ᠬᠡᠷᠡᠭᠯᠡᠭᠡᠨ ᠤ ᠡᠳ᠋ ᠪᠣᠳᠠᠰ ᠤᠨ ᠲᠡᠭᠡᠭᠡᠪᠦᠷᠢ ᠶᠢᠨ ᠬᠡᠷᠡᠭᠴᠡᠭᠡ ᠴᠢᠬᠤᠯᠠ ᠱᠠᠭᠠᠷᠳᠠᠭᠳᠠᠪᠠ᠃ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠬᠠᠪᠤᠷ ᠤᠨ ᠲᠠᠷᠢᠶᠠᠯᠠᠭ᠎ᠠ  ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠨ ᠲᠠᠷᠢᠶᠠᠯᠠᠩ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠭᠢᠵᠤ ᠪᠠᠶᠢᠨ᠎ᠠ᠃      ᠲᠤᠭ ᠪᠠᠯᠭᠠᠰᠤᠨ ᠳᠤ ᠪᠠᠶᠢᠭ᠎ᠠ ᠵᠤᠩ ᠮᠸᠢ ᠰᠢᠭᠡᠰᠦᠯᠢᠭ ᠡᠳ᠋ ᠤᠨ ᠲᠤᠰᠬᠠᠶ ᠱᠤᠭᠤᠮ ᠨᠢ᠂ ᠵᠢᠯ ᠪᠦᠷᠢ 170 ᠲᠦᠮᠡᠨ ᠲᠣᠨ ᠣᠷᠴᠢᠮ ᠤᠨ ᠬᠢᠮᠢ ᠶᠢᠨ ᠪᠣᠷᠲᠣᠭᠤᠷ ᠢ ᠲᠡᠭᠡᠭᠡᠳᠡᠭ᠃ ᠡᠲᠡᠭᠡᠷ ᠬᠢᠮᠢ ᠶᠢᠨ ᠪᠣᠷᠲᠣᠭᠤᠷ ᠨᠢ ᠲᠡᠮᠦᠷ ᠵᠠᠮ ᠢᠶᠠᠷ ᠳᠠᠮᠵᠢᠨ ᠵᠡᠭᠦᠨ ᠬᠤᠶᠢᠲᠤ ᠣᠷᠣᠨ ᠳᠤ ᠵᠥᠭᠡᠭᠡᠪᠦᠷᠢᠯᠡᠨ ᠬᠦᠷᠴᠦ ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠦᠢᠯᠡᠳᠪᠦᠷᠢᠯᠡᠯ ᠳᠤ ᠬᠦᠴᠦᠲᠡᠶ ᠳᠡᠮᠵᠢᠯᠭᠡ ᠬᠠᠩᠭᠠᠳᠠᠭ ᠪᠠᠶᠢᠨ᠎ᠠ᠃      ᠵᠤᠩ ᠮᠸᠢ ᠥᠪᠥᠷ ᠮᠣᠩᠭᠤᠯ ᠱᠠᠨᠰᠢ ᠶᠢᠨ ᠡᠨᠧᠷᠭᠢ ᠶᠢᠨ ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ ᠶᠢᠨ ᠲᠤᠬᠠᠢ ᠶᠢᠨ ᠲᠠᠯᠠᠪᠠᠢ ᠶᠢᠨ ᠲᠤᠬᠠᠶᠢᠯᠠᠭᠰᠠᠨ ᠠᠵᠢᠯ ᠤᠨ ᠬᠡᠯᠲᠡᠰ ᠤᠨ ᠬᠠᠷᠢᠭᠤᠴᠠᠯᠭᠠᠲᠠᠨ ᠬᠡᠯᠡᠬᠦ ᠳᠤ ᠪᠠᠨ᠄ ︽ᠤᠳᠤᠬᠠᠨ ᠳᠤ᠂ ᠬᠢᠮᠢ ᠶᠢᠨ ᠪᠣᠷᠲᠣᠭᠤᠷ ᠤᠨ ᠡᠳᠦᠷ ᠤᠨ ᠭᠠᠷᠤᠯᠲᠠ ᠪᠠᠷᠤᠭ 6000 ᠲᠣᠨ ᠬᠦᠷᠴᠤ᠂ ᠪᠥᠬᠦ ᠤᠯᠤᠰ ᠤᠨ ᠬᠤᠷᠢ ᠭᠠᠷᠤᠶ ᠮᠤᠵᠢ ᠬᠤᠲᠠ ᠶᠢᠨ ᠭᠠᠵᠠᠷ ᠣᠷᠣᠨ ᠳᠤ ᠪᠤᠷᠤᠯᠠᠭᠤᠯᠵᠤ ᠪᠠᠶᠢᠨ᠎ᠠ᠃ ᠪᠢᠳᠠ ᠲᠡᠮᠦᠷ ᠵᠠᠮ ᠤᠨ ᠰᠠᠯᠠᠭ᠎ᠠ ᠮᠥᠴᠢᠷ ᠲᠠᠢ ᠬᠠᠮᠲᠤᠷᠠᠨ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠪᠣᠷᠳᠣᠭᠤᠷ ᠤᠨ ᠲᠡᠭᠡᠭᠡᠪᠦᠷᠢ ᠶᠢᠨ ᠲᠥᠯᠥᠪᠯᠡᠭᠡ ᠪᠣᠯᠤᠨ ᠲᠡᠭᠡᠭᠡᠪᠦᠷᠢ ᠶᠢᠨ ᠲᠥᠰᠦᠯ ᠢ ᠲᠣᠭᠲᠠᠭᠠᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠪᠦᠬᠦ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠬᠤ ᠶᠢ ᠪᠠᠳᠤᠯᠠᠵᠤ ᠪᠠᠶᠢᠨ᠎ᠠ︾ ᠭᠡᠯ᠎ᠡ᠃      ᠲᠡᠭᠡᠭᠡᠪᠦᠷᠢᠯᠡᠬᠦ ᠠᠬᠤᠢ ᠲᠠᠯᠠᠪᠠᠢ ᠳᠤ ᠠᠷᠪᠠᠨ ᠬᠤᠶᠠᠷ ᠰᠠᠭᠤᠷᠢ ᠮᠠᠰᠢᠨ ᠶᠠᠭᠠᠷᠠᠯᠲᠠᠢ ᠠᠵᠢᠯᠯᠠᠵᠤ ᠬᠢᠮᠢ ᠶᠢᠨ ᠪᠣᠷᠳᠣᠭᠤᠷ ᠢ ᠲᠡᠷᠭᠡᠨ ᠲᠠᠰᠤᠯᠭᠠᠨ ᠳᠤ ᠡᠮᠬᠢ ᠵᠠᠮᠪᠠᠷᠠᠭ᠎ᠠ ᠲᠠᠢ ᠪᠠᠷ ᠦᠷᠦᠨ ᠲᠠᠯᠪᠢᠵᠤ᠂ ᠬᠠᠷᠠᠮᠦ᠋ᠷᠡᠨ ᠮᠤᠵᠢ ᠶᠢᠨ ᠰᠦᠢ ᠬᠤᠸᠠ᠂ ᠴᠢᠴᠢᠬᠠᠷ᠂ ᠾᠧᠢ ᠾᠧ ᠵᠡᠷᠭᠡ ᠥᠷᠲᠡᠭᠡᠨ ᠳᠤ ᠵᠥ᠋ᠭᠡᠭᠡᠪᠦᠷᠢᠯᠡᠬᠦ ᠪᠠᠷ ᠪᠡᠯᠡᠳᠬᠡᠵᠦ ᠪᠠᠶᠢᠯ᠎ᠠ᠃      ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠤᠭᠤᠲᠤ ᠶᠢᠨ ᠲᠡᠮᠦᠷ ᠵᠠᠮ ᠤᠨ ᠪᠠᠷᠠᠭᠠᠨ ᠭᠦᠢᠯᠭᠡᠭᠡᠨ ᠤ ᠲᠥᠪ ᠤᠨ ᠶᠡᠭᠡ ᠨᠡᠬᠦᠳᠡᠯ ᠡᠵᠡᠩᠨᠡᠯᠲᠡ ᠶᠢᠨ ᠬᠡᠯᠲᠡᠰ ᠤᠨ  ᠬᠠᠷᠢᠭᠤᠴᠠᠯᠭᠠᠲᠠᠨ ᠬᠡᠯᠡᠬᠦ ᠳᠤ ᠪᠠᠨ᠄ ︽ᠣᠶᠢᠷ᠎ᠠ ᠳᠤ ᠬᠢᠮᠢ ᠶᠢᠨ ᠪᠣᠷᠲᠣᠭᠤᠷ ᠤᠨ ᠲᠡᠭᠡᠭᠡᠪᠦᠷᠢ ᠶᠢᠨ ᠬᠡᠷᠡᠭᠴᠡᠭᠡ ᠲᠦᠷᠭᠡᠨ ᠨᠡᠮᠡᠭᠳᠡᠵᠦ᠂ ᠮᠠᠨ ᠤ ᠡᠵᠡᠩᠨᠡᠯᠲᠡ ᠶᠢᠨ ᠲᠠᠰᠤᠭ ᠪᠥᠬᠦ ᠬᠦᠴᠦᠨ ᠢᠶᠠᠷ ᠢᠶᠠᠨ ᠴᠢᠷᠮᠠᠶᠢᠨ ᠠᠵᠢᠯᠯᠠᠵᠤ᠂ ᠡᠳᠡᠭᠡᠷ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠢ ᠴᠠᠭ ᠲᠤᠬᠠᠶ ᠳᠤᠨᠢ ᠲᠡᠭᠡᠭᠡᠪᠦᠷᠢᠯᠡᠬᠦ ᠶᠢᠨ ᠬᠠᠮᠲᠤ ᠤᠷᠤᠭᠰᠢᠲᠠᠶ ᠲᠡᠭᠡᠭᠡᠵᠦ ᠶᠠᠪᠤᠭᠤᠯᠬᠤ ᠶᠢ ᠪᠠᠳᠤᠯᠠᠵᠤ᠂ ᠥᠨᠥᠳᠦᠷ 131 ᠲᠡᠷᠭᠡ᠂ 8292 ᠲᠣᠨ ᠬᠢᠮᠢ ᠶᠢᠨ ᠪᠣᠷᠳᠤᠭᠤᠷ ᠲᠡᠭᠡᠭᠡᠬᠦ ᠪᠣᠯᠣᠨ᠎ᠠ︾ ᠭᠡᠯ᠎ᠡ᠃      ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠤᠭᠤᠲᠤ ᠶᠢᠨ ᠲᠡᠮᠦᠷ ᠵᠠᠮ ᠤᠨ ᠪᠠᠷᠠᠭᠠᠨ ᠭᠦᠢᠯᠭᠡᠭᠡᠨ ᠤ ᠲᠥᠪ ᠬᠢᠭᠡᠳ ᠲᠤᠬᠠᠶ ᠶᠢᠨ ᠭᠠᠵᠠᠷ ᠤᠨ ᠬᠢᠮᠢ ᠶᠢᠨ ᠪᠣᠷᠲᠣᠭᠤᠷ ᠪᠣᠷᠣᠯᠠᠭᠤᠯᠬᠤ ᠠᠵᠤ ᠠᠬᠤᠶᠢᠯᠠᠯ ᠲᠠᠢ ᠪᠠᠶᠢᠩᠭᠤᠵᠢᠭᠰᠠᠨ ᠬᠠᠷᠢᠯᠴᠠᠬᠤ ᠲᠤᠭᠳᠠᠯᠴᠠᠭ᠎ᠠ ᠶᠢ ᠪᠠᠶᠢᠭᠤᠯᠵᠤ᠂ ᠡᠵᠡᠩᠨᠡᠨ ᠪᠣᠷᠣᠯᠠᠭᠤᠯᠬᠤ ᠠᠵᠢᠯᠲᠠᠳ ᠢ ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠬᠤ ᠠᠵᠢᠯᠯᠠᠭ᠎ᠠ ᠶᠢ ᠢᠳᠡᠪᠬᠢᠲᠠᠢ ᠥᠷᠨᠢᠭᠦᠯᠵᠦ᠂  ᠡᠯ᠎ᠠ ᠠᠵᠤ ᠠᠬᠤᠶᠢᠯᠠᠯ ᠤᠨ ᠬᠡᠷᠡᠭᠯᠡᠭᠴᠢᠳ ᠤᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠪᠠᠷᠠᠭᠠᠨ ᠤ ᠦᠢᠯᠡᠳᠪᠦᠷᠢᠯᠡᠯ᠂ ᠪᠣᠷᠣᠯᠠᠭᠤᠯᠭ᠎ᠠ᠂ ᠲᠡᠭᠡᠭᠡᠪᠦᠷᠢ ᠶᠢᠨ ᠬᠡᠷᠡᠭᠴᠡᠭᠡᠨ ᠤ ᠪᠠᠶᠢᠳᠠᠯ ᠢ ᠤᠶᠢᠯᠠᠭᠠᠵᠤ᠂ ᠠᠵᠤ ᠠᠬᠤᠶᠢᠯᠠᠯ ᠤᠨ ᠪᠠᠷᠠᠭ᠎ᠠ ᠬᠠᠳᠠᠭᠠᠯᠠᠬᠤ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠬᠢᠮᠢ ᠶᠢᠨ ᠪᠣᠷᠲᠣᠭᠤᠷ ᠤᠨ ᠲᠡᠭᠡᠭᠡᠪᠦᠷᠢ ᠶᠢᠨ ᠭᠤᠤᠯ ᠥᠷᠲᠡᠭᠡ ᠪᠤᠯᠬᠤ ᠴᠡᠭ ᠲᠤ ᠲᠡᠭᠡᠭᠡᠪᠦᠷᠢ ᠶᠢᠨ ᠲᠥᠰᠦᠯ ᠲᠣᠭᠲᠠᠭᠠᠵᠤ᠂ ᠠᠴᠢᠶᠠᠯᠠᠵᠤ ᠪᠠᠭᠤᠯᠭᠠᠬᠤ ᠮᠠᠰᠢᠨ ᠪᠠᠭᠠᠵᠢ᠂ ᠲᠡᠭᠡᠭᠡᠪᠦᠷᠢ ᠶᠢᠨ ᠲᠡᠷᠭᠡ ᠬᠥᠰᠬᠡ ᠪᠠ ᠠᠴᠢᠶᠠᠯᠠᠵᠤ ᠪᠠᠭᠤᠯᠭᠠᠬᠤ ᠬᠥᠮᠦᠰ ᠢ ᠴᠠᠭ ᠲᠤᠬᠠᠶ ᠳᠤᠨᠢ ᠵᠣᠬᠢᠴᠠᠭᠤᠯᠤᠨ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠲᠡᠭᠡᠭᠡᠪᠦᠷᠢ ᠶᠢᠨ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠠᠮᠠᠷᠢᠯᠡᠵᠤ ᠪᠠᠶᠢᠨ᠎ᠠ᠃      ᠡᠭᠦᠨ ᠤ ᠬᠠᠮᠲᠤ᠂ ᠬᠢᠮᠢ ᠶᠢᠨ ᠪᠣᠷᠲᠣᠭᠤᠷ ᠤᠨ ᠲᠡᠭᠡᠭᠡᠪᠦᠷᠢᠯᠡᠯᠲᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠭᠦᠢᠴᠡᠳ ᠪᠡᠯᠡᠳᠬᠡᠯ ᠬᠢᠵᠦ᠂ ᠡᠯ᠎ᠡ ᠪᠠᠷᠠᠭᠠᠨ ᠭᠦᠢᠯᠭᠡᠭᠡᠨ ᠤ ᠲᠥᠪ ᠤᠨ ᠲᠡᠷᠭᠡᠨ ᠳᠤ ᠲᠡᠭᠡᠭᠡᠬᠦ ᠥᠷᠲᠡᠭᠡ ᠴᠡᠭ ᠪᠠ ᠬᠥᠳᠡᠯᠮᠦᠷᠢ ᠬᠦᠴᠦᠨ ᠢ ᠭᠦᠢᠴᠡᠳ ᠪᠡᠯᠡᠳᠬᠡᠬᠦ ᠶᠢᠨ ᠬᠠᠮᠲᠤ ᠬᠠᠶᠢᠷᠴᠠᠭ ᠲᠣᠬᠢᠷᠠᠭᠤᠯᠬᠤ ᠪᠠ ᠲᠡᠷᠭᠡ ᠳᠤᠬᠢᠷᠠᠭᠤᠯᠬᠤ ᠠᠵᠢᠯ ᠢ ᠴᠠᠭ ᠲᠤᠬᠠᠶ ᠳᠤᠨᠢ ᠵᠤᠬᠢᠴᠠᠭᠤᠯᠵᠤ ᠭᠤᠤᠯᠳᠠᠯᠭ᠎ᠠ ᠲᠠᠢ ᠡᠳ᠋ ᠪᠣᠳᠠᠰ ᠲᠤ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ  ᠪᠠᠶᠢᠨ᠎ᠠ᠃      ᠡᠨᠡ ᠵᠢᠯ ᠠᠴᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠨᠡᠶᠢᠲᠡ 25 ᠲᠦᠮᠡᠨ ᠲᠣᠨ ᠬᠢᠮᠢ ᠶᠢᠨ ᠪᠣᠷᠳᠣᠭᠤᠷ ᠢ ᠵᠥᠭᠡᠭᠡᠪᠦᠷᠢᠯᠡᠨ ᠬᠦᠷᠭᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃                            ᠰᠤᠷᠪᠤᠯᠵᠢᠯᠠᠭᠴᠢ᠄ ᠷᠢᠸᠠᠳᠢ᠂ ᠸᠠᠩ ᠴᠢ᠂ ᠢᠦᠢ ᠵᠢᠶᠧ ᠮᠧᠩ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ