4 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠰᠢᠤᠸᠠᠢ ᠹᠧᠩ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ | ᠤᠷᠤᠨ ᠤ ᠲᠤᠭ ᠤᠨ ᠲᠥᠷᠥᠯ ᠵᠦᠢᠯ ᠤᠨ ᠲᠣᠭᠤᠷᠢᠭ ᠲᠤ ᠬᠦᠷᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠪᠠᠶᠢᠴᠠᠭᠠᠨ | ᠰᠤᠳᠤᠯᠤᠯᠲᠠ ᠭᠢᠭᠦ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠪᠠ᠃ | ᠸᠠᠩ ᠰᠢᠤᠸᠠᠢ ᠹᠧᠩ ᠤᠷᠢᠳ ᠬᠤᠵᠢᠳ ᠠᠮᠢᠳᠤ ᠪᠣᠳᠠᠰ ᠤᠨ ᠬᠡᠶᠢᠵᠢᠯᠲᠡ ᠶᠢᠨ ᠲᠤᠷᠰᠢᠯᠲᠠ ᠶᠢᠨ ᠰᠤᠳᠤᠯᠭᠠᠨ ᠤ ᠲᠦᠷᠦᠯ ᠵᠦᠢᠯ᠂ ᠵᠦᠩ ᠮᠧᠢ | ᠪᠦᠯᠦᠭᠯᠡᠯ ᠤᠨ 10 ᠲᠦᠮᠡᠨ ᠲᠣᠨ ᠤ ᠲᠡᠰ ᠤᠨ ᠨᠡᠷᠡᠨ ᠭᠡᠷᠡᠯ ᠢ ᠰᠢᠩᠭᠡᠨ ᠲᠤᠯᠤᠪᠲᠤ ᠪᠠᠷ ᠬᠠᠳᠠᠭᠠᠯᠠᠬᠤ ᠲᠦᠷᠦᠯ ᠵᠦᠢᠯ ᠪᠣᠯᠤᠨ ᠣᠷᠳᠣᠰ ᠤᠨ ᠤᠳᠤ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ ᠲᠤ ᠪᠠᠶᠢᠴᠠᠭᠠᠨ | ᠰᠤᠳᠤᠯᠤᠯᠲᠠ ᠬᠢᠪᠡ᠃ ᠬᠦᠷᠦᠭᠰᠡᠨ ᠭᠠᠵᠠᠷ ᠪᠣᠯᠭᠠᠨ ᠳᠤ᠂ ᠸᠠᠩ ᠰᠢᠤᠸᠠᠢ ᠹᠧᠩ ᠲᠤᠷᠰᠢᠯᠲᠠ ᠶᠢᠨ ᠠᠬᠢᠴᠠ᠂ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ | ᠨᠡᠭᠡᠭᠡᠯᠲᠡ᠂ ᠬᠡᠷᠡᠭᠯᠡᠭᠡᠨ ᠤ ᠢᠷᠡᠭᠡᠳᠦᠢ ᠵᠡᠷᠭᠡ ᠠᠰᠠᠭᠤᠳᠠᠯ ᠤᠨ ᠲᠤᠬᠠᠢ ᠠᠵᠢᠯᠲᠠᠳ ᠲᠠᠢ ᠨᠠᠷᠢᠨ ᠶᠠᠷᠢᠯᠴᠠᠵᠤ ᠲᠤᠷᠰᠢᠯᠲᠠ ᠶᠢᠨ ᠲᠦᠷᠦᠯ ᠵᠦᠢᠯ ᠤᠨ | ᠣᠯᠣᠭᠰᠠᠨ ᠠᠬᠢᠴᠠ ᠶᠢ ᠭᠦᠢᠴᠡᠳ ᠨᠤᠲᠠᠯᠠᠨ ᠠᠵᠤ ᠠᠬᠤᠶᠢᠯᠠᠯ ᠤᠨ ᠬᠢᠨ ᠢ ᠠᠵᠢᠯ ᠲᠦᠷᠦᠯ ᠤᠨ ᠡᠮᠦᠨ᠎ᠡ ᠹᠷᠣᠨᠲ ᠢ ᠴᠢᠩᠭ᠎ᠠ ᠠᠩᠬᠠᠷᠴᠤ ᠰᠤᠳᠤᠯᠤᠨ | ᠨᠡᠭᠡᠭᠡᠬᠦ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ ᠮᠡᠷᠭᠡᠵᠢᠯ ᠤᠨ ᠠᠰᠢᠭᠲᠠᠢ ᠪᠠᠶᠢᠷᠢ ᠶᠢ ᠴᠠᠭ ᠢ ᠵᠠᠪᠳᠤᠨ ᠤᠯᠬᠤ ᠶᠢ ᠵᠣᠷᠢᠭᠵᠢᠭᠤᠯᠪᠠ᠃ | ᠸᠠᠩ ᠰᠢᠤᠸᠠᠢ ᠹᠧᠩ ᠬᠡᠯᠡᠬᠦ ᠳᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠪᠣᠯ ᠥᠪᠡᠷᠲᠡᠭᠡᠨ | ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠤᠨ ᠨᠢᠭᠡ ᠮᠥᠨ᠂ ᠪᠠᠰᠠ ᠴᠤ ᠮᠠᠨ ᠤ ᠬᠤᠰᠢᠭᠤᠨ ᠤ ︽ᠭᠤᠤᠯᠳᠠᠯᠭᠠᠳᠤ ᠣᠷᠣᠨ ᠢ ᠪᠥᠲᠥᠭᠡᠨ | ᠪᠠᠶᠢᠭᠤᠯᠵᠤ᠂ ᠵᠠᠭᠤᠨ ᠬᠦᠴᠦᠷᠬᠡᠭ ᠰᠢᠶᠠᠨ ᠤ ᠵᠢᠭᠰᠠᠭᠠᠯᠲᠠ ᠳᠤ ᠤᠷᠤᠬᠤ ᠪᠠᠷ ᠰᠢᠪᠲᠤᠯᠤᠯᠲᠠ ᠬᠢᠬᠦ︾ ᠴᠢᠬᠤᠯᠠ ᠬᠥᠳᠡᠯᠭᠡᠬᠦ ᠬᠦᠴᠦᠨ ᠮᠥᠨ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠡᠯᠡ ᠣᠷᠣᠭᠤᠯᠤᠯᠲᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ᠂ ᠪᠠᠯᠠ ᠮᠥᠩᠭᠦ᠂ ᠲᠥᠷᠥᠯ ᠵᠦᠢᠯ ᠢ | ᠢᠳᠡᠪᠬᠢᠲᠡᠶ ᠲᠡᠮᠡᠴᠡᠨ ᠣᠯᠵᠤ ᠪᠥᠬᠦ ᠬᠤᠰᠢᠭᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠶ᠃ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ ᠬᠢᠭᠡᠳ ᠪᠥᠬᠦ ᠬᠤᠰᠢᠭᠤᠨ ᠤ ᠠᠵᠢᠯ ᠤᠨ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠶ ᠣᠯᠵᠤ ᠣᠷᠳᠣᠰ ᠤᠨ | ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ ᠤᠨ ᠲᠥᠷᠥᠯ | ᠵᠦᠢᠯ ᠢ ᠲᠦᠷᠭᠡᠨ ᠠᠬᠢᠭᠤᠯᠵᠤ ᠣᠯᠠᠨ ᠨᠡᠶᠢᠲᠡ ᠶᠢᠨ ᠬᠤᠭᠤᠯᠠᠶ ᠲᠤᠤᠷ ᠵᠡᠷᠭᠡ ᠨᠡᠶᠢᠲᠡ ᠶᠢᠨ ᠲᠤᠰᠠᠯᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠡᠭᠡᠳᠦ ᠲᠠᠰ ᠤᠨ᠂ ᠣᠯᠠᠨ ᠡᠰᠢᠵᠢᠭᠰᠡᠨ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠴᠢᠭᠯᠡᠯ ᠳᠠᠰᠢ ᠬᠥᠭᠵᠢᠬᠦ ᠶᠢ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠳᠬᠠᠵᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠥᠷᠨᠢᠭᠦᠯᠬᠦ ᠶᠢ | ᠵᠣᠷᠢᠭᠵᠢᠭᠤᠯᠤᠨ ᠳᠡᠮᠵᠢᠵᠦ ᠠᠵᠤ ᠠᠬᠤᠶᠢᠯᠠᠯ ᠤᠨ ᠲᠦᠷᠦ ᠶᠢᠨ ᠪᠤᠳᠤᠯᠭ᠎ᠠ᠂ ᠪᠡᠯᠡ ᠮᠥᠩᠭᠦ ᠶᠢ ᠲᠡᠮᠡᠴᠡᠨ ᠤᠯᠬᠤ ᠶᠢ ᠬᠠᠪᠰᠤᠷᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠵᠦ ᠰᠢᠨ᠎ᠡ ᠶᠢ ᠡᠭᠦᠳᠬᠦ ᠡᠯᠧᠮᠧᠨ᠋ᠲ ᠢ ᠠᠵᠤ ᠠᠬᠤᠶᠢᠯᠠᠯ | ᠲᠡᠶᠢᠰᠢ ᠲᠥᠪᠯᠡᠷᠡᠭᠦᠯᠬᠦ ᠶᠢ ᠠᠬᠢᠭᠤᠯᠤᠨ ᠠᠵᠤ ᠠᠬᠤᠶᠢᠯᠠᠯ ᠢ ᠦᠨᠡᠨᠬᠦ ᠮᠡᠷᠭᠡᠵᠢᠯ ᠤᠨ ᠰᠢᠨ᠎ᠡ ᠶᠢ ᠡᠭᠦᠳᠬᠦ ᠰᠢᠢᠳᠪᠦᠷᠢᠲᠦ ᠪᠤᠳᠤᠯᠭ᠎ᠠ᠂ ᠰᠤᠳᠤᠯᠤᠨ ᠨᠡᠭᠡᠭᠡᠬᠦ | ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠤᠯᠲᠠ ᠪᠣᠯᠤᠨ ᠦᠷ᠎ᠡ ᠪᠦᠲᠦᠭᠡᠯ ᠤᠨ ᠦᠭᠡᠷᠡᠴᠢᠯᠡᠯᠲᠡ ᠶᠢᠨ ᠭᠤᠣᠯ | ᠴᠣᠭᠴᠠ ᠪᠣᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠤᠭᠤᠷᠤᠨᠳᠤᠬᠢ | ᠪᠣᠳᠠᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠤᠨ ︽ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠪᠤᠯᠤᠨ ᠣᠷᠣᠨ ᠨᠤᠲᠤᠭ ᠤᠨ ᠠᠵᠤ ᠠᠬᠤᠶᠢᠯᠠᠯ᠂ ᠶᠡᠭᠡ ᠲᠡᠭᠡᠳᠤ ᠰᠤᠷᠭᠠᠭᠤᠯᠢ ᠪᠤᠯᠤᠨ ᠣᠷᠣᠨ ᠨᠤᠲᠤᠭ ᠤᠨ ᠠᠵᠤ ᠠᠬᠤᠶᠢᠯᠠᠯ ᠬᠠᠮᠲᠤᠷᠠᠯᠴᠠᠬᠤ | ︾ ᠰᠢᠨ᠎ᠡ ᠵᠠᠭᠪᠤᠷ ᠢ ᠰᠦᠪᠡᠭᠴᠢᠯᠡᠵᠦ ᠰᠢᠨ᠎ᠡ ᠶᠢ ᠡᠭᠦᠳᠬᠦ ᠭᠡᠯᠭᠢᠶᠠᠵᠢᠯ᠂ ᠠᠵᠤ ᠦᠢᠯᠡᠰ ᠤᠨ ᠭᠡᠯᠭᠢᠶᠠᠵᠢᠯ᠂ ᠴᠢᠳᠠᠪᠤᠷᠢᠲᠠᠨ ᠤ ᠭᠡᠯᠭᠢᠶᠠᠵᠢᠯ ᠤᠨ ᠭᠦᠨᠵᠡᠭᠡᠢ | ᠠᠭᠤᠰᠤᠯᠴᠠᠯ ᠢ ᠠᠬᠢᠭᠤᠯᠬᠤ ᠬᠡᠷᠡᠭᠲᠡᠢ ᠭᠡᠵᠡᠢ᠃ | | | ᠰᠤᠷᠪᠤᠯᠵᠢᠯᠠᠭᠴᠢ᠄ ᠷᠢᠸᠠᠳᠢ᠂ ᠾᠧ ᠵᠢᠢ ᠶᠦᠨ᠂ ᠯᠢ ᠶᠦᠨ |