4 ᠰᠠᠷ᠎ᠠ ᠶᠢᠨ 18 ᠤ ᠡᠳᠦᠷ᠂ ᠸᠠᠩ ᠰᠢᠤᠸᠠᠢ ᠹᠧᠩ ᠲᠤᠭ ᠪᠠᠯᠭᠠᠰᠤᠨ ᠳᠤ ᠬᠦᠷᠴᠤ ᠤᠰᠤ ᠳᠠᠮᠵᠢᠭᠤᠯᠬᠤ ᠬᠤᠭᠤᠯᠠᠶ ᠶᠢᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ᠂ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠴᠡᠭᠴᠡᠯᠡᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ | ᠪᠠᠶᠢᠴᠠᠭᠠᠨ ᠵᠢᠯᠣᠭᠤᠳᠣᠯᠭ᠎ᠠ ᠬᠢᠭᠰᠡᠨ ᠪᠠᠶᠢᠨ᠎ᠠ᠃ | | | | | | ᠸᠠᠩ ᠰᠢᠤᠸᠠᠢ ᠹᠧᠩ ᠬᠡᠯᠡᠬᠦ ᠳᠡᠭᠡᠨ᠂ ᠤᠰᠤᠨ ᠲᠣᠣᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ ᠠᠭᠤᠷᠬᠠᠢ ᠶᠢᠨ ᠬᠤᠳᠳᠤᠭ ᠤᠨ ᠨᠡᠭᠦᠷᠡᠰᠦᠨ | ᠳᠠᠪᠬᠤᠷᠭ᠎ᠠ ᠶᠢᠨ ᠤᠰᠤ ᠶᠢ ᠶᠡᠷᠦᠩᠬᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ ᠪᠦᠬᠦ ᠬᠤᠳᠠ ᠶᠢᠨ ᠤᠰᠤᠨ ᠲᠣᠣᠷ ᠤᠨ ᠪᠦᠳᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠴᠡᠭᠴᠡᠯᠡᠬᠦ ᠠᠵᠢᠯ ᠢ ᠰᠠᠶᠢᠲᠤᠷ | ᠠᠳᠬᠤᠨ ᠠᠬᠢᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ︽ | ᠬᠦᠮᠦᠨ ᠤ ᠬᠦᠴᠦ ᠪᠠᠷ ᠰᠡᠷᠭᠡᠶᠢᠯᠡᠬᠦ + ᠲᠧᠭᠨᠢᠭ ᠮᠡᠷᠭᠡᠵᠢᠯ ᠢᠶᠠᠷ ᠰᠡᠷᠭᠡᠶᠢᠯᠡᠬᠦ︾ ᠬᠢᠨᠠᠯᠲᠠ ᠬᠠᠮᠢᠶᠠᠷᠤᠯᠲᠠ ᠶᠢᠨ ᠲᠤᠭᠳᠠᠯᠴᠠᠭ᠎ᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠦ | ᠲᠤᠭᠳᠠᠯᠴᠠᠭ᠎ᠠ ᠶᠢ ᠪᠠᠶᠢᠭᠤᠯᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠨ ᠪᠠᠬᠢᠵᠢᠭᠦᠯᠬᠦ ᠦᠵᠡᠯᠲᠡ ᠲᠠᠨᠢᠯᠲᠠ ᠪᠠ | ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠶ ᠭᠡᠰᠡᠨ ᠪᠠᠶᠢᠨ᠎ᠠ᠃ | | ᠰᠤᠷᠪᠤᠯᠵᠢᠯᠠᠭᠴᠢ᠄ ᠡᠷᠬᠡᠰ |