ᠮᠠᠨ ᠤ ᠬᠤᠰᠢᠭᠤᠨ ᠤ ᠪᠦᠬᠦ ᠠᠷᠠᠳ ᠤᠨ ᠨᠤᠮ ᠤᠩᠰᠢᠯᠭ᠎ᠠ ᠶᠢᠨ ᠰᠢᠷᠢᠰ ᠠᠵᠢᠯᠯᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/4/22
      ᠰᠤᠷᠭᠠᠭᠤᠯᠢ ᠶᠢᠨ ᠬᠦᠷᠢᠶᠡᠨ ᠤ ᠨᠤᠮ ᠤᠩᠰᠢᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ ᠵᠠᠯᠠᠭᠤᠴᠤᠳ ᠪᠠᠭᠠᠴᠤᠳ ᠤᠨ ᠨᠤᠮ ᠤᠩᠰᠢᠯᠭ᠎ᠠ ᠶᠢᠨ ᠤᠷᠮ᠎ᠠ ᠪᠠᠬ᠎ᠠ ᠶᠢ ᠬᠥᠭᠵᠢᠭᠡᠬᠦ ᠶᠢᠨ ᠲᠥᠯᠥᠭᠡ᠂ ᠤᠶᠢᠷ᠎ᠠ ᠶᠢᠨ ᠡᠳᠦᠷ ᠮᠠᠨ ᠤ ᠬᠤᠰᠢᠭᠤ ᠪᠥᠬᠦ ᠠᠷᠠᠳ ᠤᠨ ᠨᠤᠮ ᠤᠩᠰᠢᠯᠭ᠎ᠠ ᠶᠢᠨ ᠰᠢᠷᠢᠰ ᠠᠵᠢᠯᠯᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠠᠵᠢᠯᠯᠠᠭᠠᠨ ᠢ ᠦᠦᠰᠢᠨ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠭᠤᠯᠪᠠ᠃       ᠲᠣᠰ ᠰᠤᠷᠭᠠᠭᠤᠯᠢ ᠶᠢᠨ ᠲᠠᠪᠤᠳᠤᠭᠠᠷ ᠣᠨ ᠤ ᠪᠥᠬᠦ ᠪᠠᠭᠰᠢ ᠰᠤᠷᠤᠭᠴᠢᠳ ᠵᠢᠴᠢ ᠬᠡᠷ ᠤᠨ ᠠᠬᠠᠮᠠᠳ ᠨᠡᠶᠢᠲᠡ ᠭᠤᠷᠪᠠᠨ ᠵᠠᠭᠤ ᠭᠠᠷᠤᠶ ᠬᠥᠮᠦᠨ ᠠᠵᠢᠯᠯᠠᠭ᠎ᠠ ᠳᠤ ᠤᠷᠤᠯᠴᠠᠵᠤ᠂ ᠠᠵᠢᠯᠯᠠᠭ᠎ᠠ ᠨᠢ ᠨᠤᠮ ᠤᠩᠰᠢᠬᠤ ᠨᠡᠶᠢᠬᠡᠮᠯᠢᠭ ᠤᠨ ᠭᠡᠰᠢᠭᠦᠨ ᠤ ᠭᠦᠨ ᠵᠤᠵᠠᠭᠠᠨ ᠠᠬᠤᠢ ᠰᠠᠨᠠᠭ᠎ᠠ ᠪᠠ ᠣᠶᠤᠨ ᠤᠬᠠᠭᠠᠨ ᠪᠢᠯᠬᠠᠭᠰᠠᠨ ᠤᠩᠰᠢᠯᠭ᠎ᠠ ᠪᠠᠷ ᠡᠭᠢᠯᠠᠵᠤ᠂ ᠰᠤᠷᠤᠭᠴᠢᠳ ᠠᠴᠠ ᠪᠠᠰᠠ ᠤᠩᠰᠢᠭᠰᠠᠨ ᠨᠤᠮ ᠵᠤᠬᠢᠶᠠᠯ ᠢᠶᠠᠨ ᠬᠤᠪᠢᠶᠠᠯᠴᠠᠨ᠂ ᠲᠥᠷᠥᠭᠳᠡᠯ ᠢᠶᠠᠨ ᠡᠳᠦᠷ ᠲᠤᠲᠤᠮ ᠤᠨ ᠠᠮᠢᠳᠤᠷᠠᠯ ᠲᠠᠢ ᠪᠠᠨ ᠤᠶᠠᠯᠳᠤᠭᠤᠯᠤᠨ ᠦᠨᠡᠨᠴᠢ ᠪᠠᠲᠤᠲᠠᠢ ᠪᠠᠷ ᠳᠡᠯᠭᠡᠨ ᠶᠠᠷᠢᠵᠦ᠂ ᠲᠤᠬᠠᠢ ᠶᠢᠨ ᠲᠠᠯᠠᠪᠠᠢ ᠭᠥᠭᠵᠢᠶᠠᠠᠳᠠᠢ ᠪᠠᠶᠢᠯ᠎ᠠ᠃      ᠠᠵᠢᠯᠯᠠᠭ᠎ᠠ ᠳᠤ᠂ ᠦᠦᠰᠢᠨ ᠬᠤᠰᠢᠭᠤᠨ ᠤ ᠵᠣᠬᠢᠶᠠᠯᠴᠢ ᠷᠧᠨ ᠵᠢᠶᠦ᠋ᠨ ᠰᠢᠶᠠᠩ ᠢ ᠤᠷᠢᠵᠤ ᠵᠣᠬᠢᠶᠠᠨ ᠪᠦᠲᠦᠭᠡᠭᠰᠡᠨ ᠥᠯᠢᠭᠡᠷ ᠢ ᠬᠤᠪᠢᠶᠠᠯᠴᠠᠭᠤᠯᠪᠠ᠃ ᠲᠡᠷᠡ ᠥᠪᠠᠷ ᠤᠨ ᠵᠤᠭᠢᠶᠠᠯ ᠪᠥᠳᠥᠭᠡᠯ ᠢᠶᠠᠷ ᠢᠶᠠᠨ ᠵᠢᠱᠢᠶ᠎ᠡ ᠲᠠᠲᠠᠨ ᠬᠡᠷᠬᠢᠨ ᠥᠪᠡᠷ ᠤᠨ ᠨᠤᠲᠤᠭ ᠤᠰᠤᠨ ᠤ ᠪᠠᠨ ᠵᠠᠩ ᠠᠷᠠᠨᠰᠢᠨ ᠠᠴᠠ ᠰᠡᠳᠥᠪ ᠠᠪᠴᠤ ᠵᠤᠭᠢᠶᠠᠯ ᠪᠥᠳᠥᠭᠡᠯ ᠤᠷᠤᠯᠳᠤᠭᠰᠠᠨ ᠲᠤᠬᠠᠢ ᠲᠤᠪᠴᠢ ᠬᠤᠪᠢᠶᠠᠯᠴᠠᠵᠤ ᠰᠤᠷᠤᠭᠴᠢᠳ ᠤᠨ ᠠᠮᠢᠳᠤᠷᠠᠯ ᠢ ᠢᠯᠡᠭᠦᠭᠡᠨ ᠠᠵᠢᠭᠯᠠᠵᠤ᠂ ᠦᠰᠦᠨ ᠪᠤᠶᠢᠵᠢᠬᠤ ᠶᠠᠪᠤᠴᠠ ᠪᠠᠨ ᠦᠰᠦᠭ ᠪᠢᠴᠢᠭ ᠢᠶᠠᠷ ᠲᠡᠮᠳᠡᠭᠯᠡᠬᠦ ᠶᠢ ᠵᠤᠷᠢᠭᠵᠢᠭᠤᠯᠤᠭᠰᠠᠨ ᠪᠠᠶᠢᠨ᠎ᠠ᠃ ᠳᠠᠷᠠᠭ᠎ᠠ ᠨᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠠᠴᠠ ︽ᠬᠠᠪᠤᠷ ᠲᠤ ᠪᠢᠴᠢᠭᠦ ᠰᠢᠯᠦᠭ︾ ᠭᠡᠬᠦ ᠤᠩᠰᠢᠯᠭ᠎ᠠ ᠪᠠᠨ ᠬᠤᠪᠢᠶᠠᠯᠴᠠᠵᠤ᠂ ᠬᠠᠪᠤᠷ ᠤᠨ ᠠᠮᠢᠵᠢᠷᠠᠯ ᠤᠨ ᠬᠦᠴᠦᠨ ᠪᠣᠯᠤᠨ ᠠᠮᠢᠳᠤᠷᠠᠯ ᠤᠨ ᠬᠠᠶᠢᠷ᠎ᠠ ᠬᠠᠯᠠᠮᠵᠢ ᠶᠢ ᠲᠤᠰᠬᠠᠨ ᠠᠬᠤᠢ ᠲᠠᠯᠠᠪᠠᠢ ᠶᠢᠨ ᠠᠭᠤᠷ ᠠᠮᠢᠰᠬᠤᠯ ᠢ ᠨᠡᠩ ᠬᠦᠷ ᠬᠦᠭᠵᠢᠶᠡᠨ ᠲᠠᠢ ᠪᠤᠯᠭᠠᠪᠠ᠃      ᠠᠬᠤᠢ ᠲᠠᠯᠠᠪᠠᠶ ᠳᠤ ᠪᠠᠰᠠ ᠰᠣᠨᠢᠷᠬᠠᠯᠲᠤ ᠤᠩᠰᠢᠯᠭ᠎ᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠲᠤᠭᠢᠷᠠᠭᠤᠯᠵᠤ᠂ ᠪᠠᠭᠰᠢ ᠰᠣᠷᠣᠭᠴᠢ ᠵᠢᠴᠢ ᠬᠡᠷ ᠤᠨ ᠠᠬᠠᠮᠠᠳ ᠤᠨ ᠲᠥᠯᠥᠭᠡᠯᠡᠭᠴᠢ ᠳᠡᠯᠭᠡᠴᠡᠨ ᠳᠤ ᠦᠵᠡᠭᠦᠯᠦᠭᠰᠡᠨ ᠵᠢᠷᠤᠭ ᠳᠦᠷᠰᠦ ᠶᠢ ᠦᠨᠳᠦᠰᠦᠯᠡᠨ ᠡᠷᠲᠡᠨ ᠤ ᠰᠢᠯᠦᠭ ᠪᠠ ᠨᠣᠮ ᠪᠢᠴᠢᠭ ᠤᠨ ᠲᠤᠬᠠᠢ ᠠᠰᠠᠭᠤᠯᠲᠠ ᠭᠠᠷᠭᠠᠵᠤ᠂ ᠰᠤᠷᠤᠭᠴᠢᠳ ᠯᠠᠪᠳᠠᠭᠤᠨ ᠪᠠᠲᠤᠲᠠᠶ ᠤᠩᠰᠢᠯᠭ᠎ᠠ ᠶᠢᠨ ᠰᠠᠭᠤᠷᠢ ᠪᠠᠷ ᠲᠦᠷᠭᠡᠨ ᠮᠥᠷᠲᠡᠭᠡᠨ ᠣᠨᠤᠪᠴᠢᠲᠠᠢ ᠬᠠᠷᠢᠭᠤᠯᠵᠤ᠂ ᠠᠬᠤᠢ ᠲᠠᠯᠠᠪᠠᠶ ᠳᠤ ᠠᠯᠠᠭ᠎ᠠ ᠲᠠᠰᠢᠯᠳᠠ ᠶᠢᠨ ᠳᠠᠭᠤᠨ᠂ ᠢᠨᠢᠶᠡᠳᠦ ᠬᠦᠭᠵᠢᠶᠡᠨ ᠤ ᠳᠠᠭᠤᠨ᠂ ᠪᠠᠶᠠᠷᠯᠠᠯᠳᠤᠨ ᠬᠠᠰᠬᠢᠷᠬᠤ ᠳᠠᠭᠤᠨ ᠢᠶᠠᠷ ᠲᠥᠭᠦᠷᠴᠤ ᠪᠠᠶᠢᠯ᠎ᠠ᠃              ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠨᠣᠮ ᠤᠩᠰᠢᠬᠤ ᠡᠳᠦᠷ ᠤᠨ ᠠᠵᠢᠯᠯᠠᠭ᠎ᠠ ᠨᠢ ᠨᠤᠮ ᠤᠩᠰᠢᠯᠭ᠎ᠠ ᠶᠢᠨ ᠳᠡᠯᠭᠡᠷᠡᠭᠦᠯᠦᠯᠲᠡ᠂ ᠰᠣᠶᠣᠯ ᠤᠨ ᠤᠯᠠᠮᠵᠢᠯᠠᠯ᠂ ᠬᠡᠪ ᠪᠣᠯᠪᠠᠰᠤᠷᠠᠯ ᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠳᠦᠯᠭᠡ ᠶᠢᠨ ᠲᠠᠪᠴᠠᠩ ᠪᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠦᠷᠭᠦᠯᠵᠢᠯᠡᠨ ᠡᠨᠡ ᠲᠥᠷᠥᠯ ᠤᠨ ᠠᠵᠢᠯᠯᠠᠭ᠎ᠠ ᠳᠤ ᠲᠦᠰᠢᠭᠯᠡᠨ ᠰᠣᠶᠣᠯ ᠤᠨ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠲᠡᠤᠬᠡ ᠶᠢᠨ ᠤᠯᠠᠮᠵᠢᠯᠠᠯ ᠬᠤᠷᠠᠮᠳᠤᠯ ᠪᠠ ᠨᠤᠮ ᠤᠨ ᠪᠤᠶᠠᠨ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠵᠤ᠂ ᠰᠤᠷᠤᠭᠴᠢᠳ ᠤᠨ ᠰᠣᠶᠣᠯ ᠤᠨ ᠰᠠᠭᠤᠷᠢ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠤᠤᠰᠯᠠᠭᠤᠯᠤᠭᠰᠠᠨ ᠰᠢᠨ᠎ᠡ ᠴᠠᠭ ᠦᠶ᠎ᠡ ᠶᠢᠨ ᠪᠠᠭᠠᠴᠤᠳ ᠪᠣᠯᠬᠤ ᠳᠤ ᠬᠦᠴᠦᠨ ᠨᠠᠮᠠᠷᠢᠯᠠᠭᠦ ᠪᠠᠷ ᠲᠦᠯᠦᠪᠯᠡᠵᠤ ᠪᠠᠶᠢᠨ᠎ᠠ᠃                         ᠰᠤᠷᠪᠤᠯᠵᠢᠯᠠᠭᠴᠢ᠄ ᠷᠢᠸᠠᠳᠢ᠂ ᠴᠢᠤᠢ ᠴᠧᠨ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ