ᠰᠣᠷᠭᠠᠭᠤᠯᠢ ᠶᠢᠨ ᠬᠦᠷᠢᠶᠠᠨ ᠤ ᠬᠦᠯ ᠪᠦᠮᠪᠦᠭᠡᠨ ᠤ ᠣᠷᠣᠯᠳᠣᠭᠠᠨ ᠶᠠᠪᠣᠭᠳᠠᠯ᠎ᠠ
ᠨᠡᠶᠢᠲᠡᠯᠡᠭᠰᠡᠨ ᠴᠠᠭ᠄
2025/4/22
      ᠣᠶᠢᠷ᠎ᠠ ᠶᠢᠨ ᠡᠳᠦᠷ᠂ ᠮᠠᠨ ᠤ ᠬᠤᠰᠢᠭᠤᠨ ᠤ ᠰᠣᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠣ ᠰᠢᠦ᠋ᠩ ᠱᠢ ᠪᠡᠶ᠎ᠡ ᠲᠠᠮᠢᠷ ᠤᠨ ᠬᠦᠭᠵᠢᠭᠦᠯᠦᠯᠲᠡ ᠶᠢᠨ ᠺᠣᠮᠫᠠᠨᠢ ᠠᠴᠠ ᠳᠠᠭᠠᠭᠠᠴᠢᠯᠠᠨ ᠶᠠᠪᠣᠭᠳᠠᠭᠤᠯᠣᠭᠰᠠᠨ ᠥᠦᠰᠢᠨ ᠬᠤᠰᠢᠭᠤᠨ ᠤ ᠬᠤᠶᠠᠳᠣᠭᠠᠷ ᠬᠤᠭᠤᠴᠠᠭᠠᠨ ᠤ ᠳᠣᠮᠳᠠᠳᠣ ᠪᠠᠭ᠎ᠠ ᠰᠣᠷᠭᠠᠭᠤᠯᠢ ᠶᠢᠨ ᠶᠠᠷᠦᠩᠬᠡᠶᠢᠯᠡᠭᠰᠡᠨ ᠪᠡᠶ᠎ᠡ ᠲᠠᠮᠢᠷ ᠤᠨ ᠬᠦᠳᠡᠯᠭᠡᠭᠡᠨ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ︽ᠬᠤᠰᠢᠭᠤ ᠳᠠᠷᠤᠭ᠎ᠠ ᠬᠤᠨᠳᠠᠭᠠᠲᠣ︾ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡᠨ ᠣᠷᠣᠯᠳᠣᠭᠠᠨ ᠶᠠᠪᠣᠭᠳᠠᠵᠤ ᠪᠥᠬᠦ ᠬᠤᠰᠢᠭᠤᠨ ᠤ 18 ᠳᠤᠮᠳᠠᠳᠤ ᠪᠠᠭ᠎ᠠ ᠰᠤᠷᠭᠠᠭᠤᠯᠢ ᠶᠢᠨ 32 ᠪᠥᠮᠪᠥᠭᠡᠨ ᠠᠩᠭᠢ ᠶᠢᠨ 450 ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠠᠢ᠃       ᠲᠣᠰ ᠣᠳᠠᠭᠠᠨ ᠤ ᠣᠷᠣᠯᠳᠣᠭᠠᠨ ᠢᠶᠠᠷ ᠪᠠᠭ᠎ᠠ ᠰᠣᠷᠭᠠᠭᠤᠯᠢ ᠶᠢᠨ ᠳᠣᠭᠤᠶᠢᠯᠠᠩ ᠳᠤ ᠥᠦᠰᠢᠨ ᠬᠤᠰᠢᠭᠤᠨ ᠤ ᠲᠣᠷᠰᠢᠯᠲᠠ ᠶᠢᠨ ᠪᠠᠭ᠎ᠠ ᠰᠣᠷᠭᠠᠭᠤᠯᠢ ᠲᠡᠷᠢᠭᠦᠯᠡᠵᠤ᠂ ᠲᠣᠮᠳᠠᠲᠣ ᠰᠣᠷᠭᠠᠭᠤᠯᠢ ᠶᠢᠨ ᠳᠣᠭᠤᠶᠢᠯᠠᠩ ᠳᠤ ᠥᠦᠰᠢᠨ ᠬᠤᠰᠢᠭᠤᠨ ᠤ ᠠᠵᠢᠯ ᠮᠡᠷᠭᠡᠵᠢᠯ ᠤᠨ ᠲᠣᠮᠳᠠᠳᠣ ᠰᠣᠷᠭᠠᠭᠤᠯᠢ ᠲᠡᠷᠢᠭᠦᠯᠡᠭᠰᠡᠨ ᠪᠠᠶᠢᠨ᠎ᠠ᠃ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡᠨ ᠤ ᠤᠷᠤᠯᠳᠤᠭᠠᠨ ᠨᠢ ᠤᠷᠤᠯᠳᠤᠭᠠᠨ ᠤ ᠲᠠᠪᠴᠠᠩ ᠪᠣᠯᠬᠤ ᠪᠠᠷ ᠪᠠᠷᠠᠬᠤ ᠦᠭᠡᠢ ᠨᠠᠩ ᠴᠤ ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ ᠦᠰᠦᠨ ᠪᠣᠶᠢᠵᠢᠬᠤ ᠬᠢᠴᠢᠶᠡᠯ ᠤᠨ ᠲᠠᠩᠬᠢᠮ ᠪᠤᠯᠵᠤ᠂ ᠲᠠᠯᠠᠪᠤᠷ ᠭᠠᠵᠠᠷ ᠢ ᠡᠭᠡᠯᠵᠢᠯᠡᠨ ᠰᠣᠯᠢᠬᠤ ᠲᠣᠭᠲᠠᠴᠠ ᠪᠠᠷ ᠳᠠᠮᠵᠢᠭᠤᠯᠤᠨ ᠰᠤᠷᠭᠠᠭᠤᠯᠢ ᠨᠢᠭᠡᠪᠦᠷᠢ ᠶᠢᠨ ᠪᠠᠭᠰᠢ ᠰᠤᠷᠤᠭᠴᠢᠳ ᠲᠤ ᠪᠡᠶ᠎ᠡ ᠶᠢᠨ ᠲᠠᠮᠢᠷ ᠤᠨ ᠷᠢᠳᠢ ᠰᠢᠳᠢ ᠶᠢ ᠪᠡᠶᠡᠴᠢᠯᠡᠨ ᠮᠡᠳᠡᠷᠡᠭᠦᠯᠵᠦ ᠰᠢᠷᠭᠠᠭᠤ ᠲᠡᠮᠡᠴᠡᠬᠦ ᠵᠣᠷᠢᠭ ᠰᠠᠨᠠᠭ᠎ᠠ ᠶᠢ ᠬᠢᠴᠢᠶᠡᠯ ᠤᠨ ᠲᠠᠩᠬᠢᠮ ᠠᠴᠠ ᠭᠠᠳᠠᠨᠠᠬᠢ ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠨ ᠬᠤᠪᠢᠷᠠᠭᠤᠯᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠨᠢ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠤᠷᠤᠯᠳᠤᠭᠠᠨ ᠤ ᠤᠳᠠᠭ᠎ᠠ ᠶᠢ ᠨᠡᠮᠡᠭᠳᠡᠭᠦᠯᠬᠦ᠂ ᠲᠤᠰᠬᠠᠢ ᠮᠡᠷᠭᠡᠵᠢᠯ ᠤᠨ ᠳᠠᠰᠬᠠᠯᠵᠢᠭᠤᠯᠤᠭᠴᠢ ᠶᠢ ᠣᠷᠣᠭᠤᠯᠤᠨ ᠠᠪᠴᠢᠷᠠᠬᠤ᠂ ᠴᠢᠳᠠᠪᠤᠷᠢᠲᠠᠨ ᠤ ᠲᠤᠭ᠎ᠠ ᠪᠠᠷᠢᠮᠲᠠ ᠶᠢᠨ ᠬᠥᠮᠥᠷᠭᠡ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠠᠩ ᠣᠯᠠᠨ ᠰᠢᠯᠢᠳᠡᠭ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠵᠦ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠳᠡᠯᠭᠡᠭᠡᠨ ᠤ ᠳᠤᠮᠳᠠ ᠵᠠᠯᠠᠭᠤ ᠨᠠᠰᠤᠨ ᠤ ᠬᠡᠷᠡᠯ ᠭᠢᠯᠪᠠᠭ᠎ᠠ ᠪᠠᠨ ᠪᠠᠳᠠᠷᠠᠭᠤᠯᠬᠤ ᠳᠤ ᠬᠦᠴᠦᠨ ᠨᠠᠮᠠᠷᠢᠯᠠᠭᠦ ᠪᠠᠷ ᠪᠠᠶᠢᠨ᠎ᠠ᠃                              ᠰᠣᠷᠪᠣᠯᠵᠢᠯᠠᠭᠴᠢ᠄ ᠲᠠᠨ᠎ᠠ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ