ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ 4 ᠰᠠᠷ᠎ᠠ ᠶᠢᠨ 23 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠠᠽᠧᠷᠪᠠᠶᠢᠵᠠᠨ ᠤ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠤᠨ᠎ᠠ ᠭᠡᠵᠦ ᠨᠡᠶᠢᠲᠡᠯᠡᠪᠡ᠃ | | | | | | 4 ᠰᠠᠷ᠎ᠠ ᠶᠢᠨ 23 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠬᠡᠯᠡᠯᠴᠡᠭᠡ ᠬᠢᠪᠡ᠃ | ᠵᠢᠷᠤᠭ ᠪᠣᠯ ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ ᠠᠯᠢᠶᠧᠹ ᠪᠣᠯᠣᠨ ᠲᠡᠭᠦᠨ ᠤ ᠬᠠᠲᠤᠨ ᠠᠯᠢᠶ᠋ᠸᠧᠠ ᠲᠠᠢ ᠬᠠᠮᠲᠤ ᠭᠡᠷᠡᠯ ᠵᠢᠷᠤᠭ ᠲᠠᠲᠠᠭᠤᠯᠵᠤ | ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ︶ | ᠰᠢ ᠶᠢᠨ ᠫᠢᠩ᠂ ᠵᠣᠷᠢᠯᠲᠠ ᠨᠢᠭᠡᠲᠡᠳ ᠵᠠᠮ ᠢ ᠬᠤᠯᠠ ᠭᠡᠵᠦ ᠴᠥᠬᠦᠷᠡᠳᠡᠭ ᠦᠭᠡᠢ᠃ ᠬᠡᠳᠦᠶᠢᠪᠡᠷ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ | ᠪᠠᠶᠢᠭᠰᠠᠨ ᠴᠤ ᠳᠤᠮᠳᠠᠳᠤ ᠠᠽᠧᠷᠪᠠᠶᠢᠵᠠᠨ ᠤ ᠬᠠᠷᠢᠯᠴᠠᠭ᠎ᠠ ᠭᠠᠵᠠᠷ ᠵᠦᠢ ᠶᠢᠨ ᠪᠠᠶᠢᠷᠢᠰᠢᠯ ᠳᠤ ᠬᠢᠵᠠᠭᠠᠷᠯᠠᠭᠳᠠᠭᠰᠠᠨ ᠦᠭᠡᠢ᠂ ᠶᠠᠪᠤᠬᠤ ᠲᠤᠳᠤᠮ ᠪᠠᠬᠢᠵᠢᠪᠡ᠃ | ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠬᠠᠷᠢᠯᠴᠠᠨ ᠬᠦᠨᠳᠦᠳᠬᠡᠬᠦ᠂ ᠲᠥᠪ | ᠭᠤᠣᠯᠴᠢ ᠰᠢᠳᠤᠷᠭᠤ ᠶᠣᠰᠣ ᠶᠢ ᠡᠷᠭᠢᠮᠯᠡᠭᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ | ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠠᠽᠧᠷᠪᠠᠶᠢᠵᠠᠨ ᠤ ᠬᠠᠷᠢᠯᠴᠠᠭ᠎ᠠ ᠳᠤ ᠬᠠᠨᠳᠤᠵᠤ ᠬᠥᠭᠵᠢᠭᠦᠯᠪᠡ᠃ ᠬᠤᠶᠠᠷ ᠲᠠᠯ᠎ᠠ ᠪᠠᠷ ᠢᠶᠠᠨ ᠤᠯᠤᠰ | ᠲᠦᠷᠦ ᠶᠢᠨ ᠢᠲᠡᠭᠡᠯᠴᠡᠭᠡ ᠪᠠᠨ ᠦᠷᠭᠦᠯᠵᠢᠯᠡᠨ ᠨᠡᠮᠡᠭᠳᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠤᠯᠤᠰ ᠤᠨ | ᠬᠠᠮᠵᠢᠯᠴᠠᠭ᠎ᠠ ᠪᠠᠨ ᠨᠢᠭᠲᠠᠷᠠᠭᠤᠯᠵᠤ᠂ ᠳᠤᠮᠳᠠᠳᠤ ᠠᠽᠧᠷᠪᠠᠶᠢᠵᠠᠨ ᠤ ᠪᠦᠭᠦ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠵᠦ᠂ ᠬᠤᠶᠠᠷ | ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠶ᠎ᠡ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠬᠠᠷᠢᠯᠴᠠᠨ ᠡᠷᠡᠰ ᠳᠡᠮᠵᠢᠯᠴᠡᠬᠦ ᠪᠣᠯ | ᠳᠤᠮᠳᠠᠳᠤ ᠠᠽᠧᠷᠪᠠᠶᠢᠵᠠᠨ ᠬᠤᠶᠠᠷ ᠤᠯᠤᠰ ᠤᠨ ᠰᠢᠯᠢᠳᠡᠭ ᠤᠯᠠᠮᠵᠢᠯᠠᠯ ᠪᠤᠯᠬᠤ ᠪᠥᠭᠡᠳ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠤᠭᠰᠠᠨ ᠤ ᠬᠤᠪᠢ ᠳᠤ | ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ᠃ ᠳᠤᠮᠳᠠᠳᠤ ᠤᠯᠤᠰ ᠠᠽᠧᠷᠪᠠᠶᠢᠵᠠᠨ ᠤ ᠬᠢᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠦᠷᠭᠦᠯᠵᠢᠯᠡᠨ | ᠵᠠᠮᠨᠠᠬᠤ ᠶᠢ ᠳᠡᠮᠵᠢᠨ᠎ᠠ᠃ ᠠᠽᠧᠷᠪᠠᠶᠢᠵᠠᠨ ᠯᠤᠭ᠎ᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ | ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠭᠦᠨ᠎ᠡ᠃ ᠳᠤᠮᠳᠠᠳᠤ ᠠᠽᠧᠷᠪᠠᠶᠢᠵᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠤᠭᠠᠳ | ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠵᠠ ᠵᠢᠷᠭᠠᠯ ᠣᠯᠭᠤᠪᠠ᠃ ᠦᠵᠦ ᠲᠥᠯᠥᠪᠯᠡᠭᠡ ᠶᠢ | ᠰᠢᠯᠢᠳᠡᠭᠵᠢᠭᠦᠯᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ | ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠶ᠎ᠡ᠃ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ ᠵᠠᠯᠠᠭᠤᠴᠤᠳ᠂ ᠣᠷᠣᠨ ᠨᠤᠲᠤᠭ | ᠵᠡᠷᠭᠡ ᠶᠢᠨ ᠬᠠᠮᠲᠤᠷᠠᠯᠴᠠᠭ᠎ᠠ ᠶᠢ ᠵᠣᠷᠢᠭᠵᠢᠭᠤᠯᠤᠨ ᠳᠡᠮᠵᠢᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠬᠤᠶᠠᠷ ᠤᠯᠤᠰ ᠤᠨ ᠨᠥᠬᠦᠷᠯᠡᠯ ᠤᠨ | ᠠᠷᠠᠳ ᠤᠨ ᠰᠠᠨᠠᠭ᠎ᠠ ᠶᠢᠨ ᠰᠠᠭᠤᠷᠢ ᠶᠢ ᠪᠠᠬᠢᠵᠢᠭᠦᠯᠦᠶ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠳᠠᠶᠢᠨ ᠨᠢ ᠡᠯ᠎ᠡ ᠤᠯᠤᠰ ᠤᠨ ᠵᠦᠢ ᠶᠣᠰᠣᠨ ᠤ ᠡᠷᠬᠡ ᠠᠰᠢᠭ ᠢ | ᠬᠤᠬᠢᠷᠠᠭᠤᠯᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠪᠳᠡᠵᠦ᠂ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠢ ᠲᠠᠭᠠᠷᠢᠪᠠ᠃ ᠳᠤᠮᠳᠠᠳᠤ | ᠤᠯᠤᠰ ᠳᠤᠷᠠᠲᠠᠶ᠎ᠠ ᠠᠽᠧᠷᠪᠠᠶᠢᠵᠠᠨ ᠲᠠᠢ ᠬᠠᠮᠲᠤ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ | ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠲᠤᠰ ᠪᠡᠶ᠎ᠡ ᠶᠢᠨ ᠵᠦᠢ ᠶᠣᠰᠣᠨ ᠤ ᠡᠷᠬᠡ | ᠠᠰᠢᠭ ᠢᠶᠠᠨ ᠡᠷᠡᠰ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃ | ᠠᠯᠢᠶᠧᠹ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠲᠦᠷᠭᠡᠨ | ᠬᠥᠭᠵᠢᠵᠦ᠂ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡ ᠲᠠᠰᠤᠷᠠᠯᠳᠡ ᠦᠭᠡᠢ ᠳᠡᠭᠡᠭᠰᠢᠯᠡᠪᠡ᠃ ᠬᠡᠳᠦᠶᠢᠪᠡᠷ ᠳᠡᠯᠡᠬᠡᠢ ᠳ᠋ᠠᠬᠢᠨ ᠵᠠᠭᠤᠨ ᠵᠢᠯ ᠳᠤ | ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠣᠷᠣᠰᠢᠵᠤ ᠪᠠᠶᠢᠭ᠎ᠠ ᠪᠤᠯᠪᠠᠴᠤ ᠠᠽᠧᠷᠪᠠᠶᠢᠵᠠᠨ ᠪᠣᠯᠣᠨ ᠳᠤᠮᠳᠠᠳᠤ ᠤᠯᠤᠰ ᠢᠮᠠᠭᠲᠠ ᠬᠠᠷᠢᠯᠴᠠᠨ | ᠭᠦᠨᠳᠦᠳᠭᠡᠵᠦ᠂ ᠬᠠᠷᠢᠯᠴᠠᠨ ᠢᠲᠡᠭᠡᠯᠴᠡᠵᠦ᠂ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠲᠦᠷᠭᠡᠨ | ᠬᠥᠭᠵᠢᠵᠦ᠂ ᠣᠷᠣᠨ ᠨᠤᠲᠤᠭ ᠤᠨ ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠬᠤᠯᠪᠣᠯᠳᠤᠨ ᠨᠡᠪᠲᠡᠷᠡᠯᠴᠡᠬᠦ ᠠᠵᠢᠯ ᠲᠦᠷᠭᠡᠨ ᠠᠬᠢᠴᠠ ᠲᠠᠢ ᠪᠣᠯᠪᠠ᠃ | ᠠᠽᠧᠷᠪᠠᠶᠢᠵᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ | ᠰᠠᠯᠵᠤ ᠪᠣᠯᠣᠰᠢ ᠦᠭᠡᠢ ᠨᠢᠭᠡ ᠬᠡᠰᠡᠭ ᠪᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢᠶᠠᠨ | ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠳᠡᠮᠵᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠣᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠨᠢ | ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠬᠥᠭᠵᠢᠯ ᠴᠡᠴᠡᠭᠯᠡᠯ ᠳᠤ ᠠᠰᠢᠭᠲᠠᠢ ᠶᠤᠮ᠂ ᠠᠽᠧᠷᠪᠠᠶᠢᠵᠠᠨ ᠤ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ | ᠢᠳᠡᠪᠬᠢᠲᠡᠢ ᠲᠡᠮᠵᠢᠵᠥ ᠪᠠᠶᠢᠨ᠎ᠠ᠃ ᠠᠽᠧᠷᠪᠠᠶᠢᠵᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ ᠲᠣᠭᠠᠴᠢᠯᠠᠭᠰᠠᠨ ᠠᠵᠤ ᠠᠬᠤᠢ᠂ | ᠪᠣᠬᠢᠷᠳᠤᠯ ᠦᠭᠡᠢ ᠡᠨᠧᠷᠭᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠬᠡᠵᠦ᠂ ᠲᠦᠷᠦ ᠶᠢᠨ ᠨᠠᠮ | ᠵᠢᠴᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ | ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ | ᠨᠠᠶᠢᠷᠠᠮᠳᠠᠬᠤ ᠠᠽᠧᠷᠪᠠᠶᠢᠵᠠᠨ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ | ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠦᠰᠦᠭ ᠵᠢᠷᠤᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠬᠠᠤᠯᠢ ᠴᠠᠭᠠᠵᠠ᠂ | ᠪᠣᠬᠢᠷᠳᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ᠂ ᠮᠡᠳᠡᠯᠭᠡ ᠶᠢᠨ ᠥᠮᠴᠢᠯᠡᠯ ᠤᠨ ᠡᠷᠬᠡ᠂ ᠰᠠᠨᠰᠠᠷ ᠤᠨ ᠠᠶᠠᠯᠠᠯ ᠵᠡᠷᠭᠡ ᠬᠦᠷᠢᠶᠡᠨ ᠳᠠᠬᠢ 20 | ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ | ᠭᠠᠳᠠᠨᠠᠬᠢ ᠠᠭᠤᠳᠠᠮ ᠲᠠᠯᠠᠪᠠᠢ ᠳᠤ ᠠᠯᠢᠶᠧᠹ ᠪᠣᠯᠣᠨ ᠲᠡᠭᠦᠨ ᠤ ᠬᠠᠳᠤᠨ ᠠᠯᠢᠶ᠋ᠸᠧᠠ ᠶᠢ ᠤᠭᠲᠤᠬᠤ ᠶᠣᠰᠣᠯᠠᠯ ᠶᠠᠪᠤᠭᠤᠯᠪᠠ᠃ | ᠠᠯᠢᠶᠧᠹ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠰᠢ ᠶᠢᠨ ᠫᠢᠩ ᠠᠯᠢᠶᠧᠹ ᠲᠠᠢ ᠬᠠᠮᠲᠤ | ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠠᠽᠧᠷᠪᠠᠶᠢᠵᠠᠨ ᠬᠤᠶᠠᠷ ᠤᠯᠤᠰ ᠤᠨ ᠰᠦᠯᠳᠡ ᠳᠠᠭᠤᠤ ᠶᠢ | ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠠᠯᠢᠶᠧᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠡᠳᠦᠷ ᠤᠨ ᠦᠳᠡ ᠳᠤ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ | ᠠᠯᠢᠶᠧᠹ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | | |