ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠣᠶᠢᠷ᠎ᠠ ᠶᠢᠨ ᠡᠳᠦᠷ ᠬᠤᠶᠠᠷ ᠢ ᠬᠦᠷᠢᠶᠡᠯᠡᠬᠦ ᠠᠵᠢᠯ ᠳᠤ ᠴᠢᠬᠤᠯᠠ ᠵᠢᠭᠠᠪᠤᠷᠢ ᠥᠭᠴᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ | ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠠᠷᠠᠳ ᠲᠦᠮᠡᠨ ᠤ ᠰᠢᠯᠢᠳᠡᠭ ᠤᠯᠠᠮᠵᠢᠯᠠᠯ ᠪᠠ | ᠣᠨᠴᠠᠭᠠᠶ ᠤᠯᠤᠰ ᠲᠥᠷᠥ ᠶᠢᠨ ᠳᠠᠪᠠᠭᠤᠯᠢᠭ ᠮᠥᠨ᠃ ᠰᠢᠨ᠎ᠡ ᠠᠶᠠᠨ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠠᠵᠢᠯ ᠤᠨ | ᠲᠠᠰᠤᠷᠠᠯᠲᠠ ᠦᠭᠡᠢ ᠰᠢᠨ᠎ᠡ ᠳᠠᠪᠰᠢᠯᠲᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯᠣᠨ | ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠵᠦ᠂ ᠥᠷᠭᠡᠨ ᠣᠯᠠᠨ ᠳᠠᠷᠤᠭ᠎ᠠ ᠪᠠᠶᠢᠯᠳᠤᠭᠴᠢ ᠶᠢᠨ ᠬᠦᠴᠢᠷ ᠵᠣᠪᠠᠭᠤᠷᠢ ᠶᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ | ᠥᠭᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠬᠥᠮᠥᠨ ᠢ ᠬᠦᠨᠳᠦᠳᠬᠡᠬᠦ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠶ ᠪᠤᠯᠭᠠᠬᠤ ᠬᠡᠷᠡᠭᠲᠡᠢ᠃ ᠴᠡᠷᠢᠭ ᠠᠩᠭᠢ ᠵᠣᠷᠢᠯᠲᠠ ᠶᠢᠨ ᠤᠬᠠᠮᠰᠠᠷ ᠢᠶᠠᠨ ᠪᠠᠲᠤ ᠪᠤᠢ ᠪᠤᠯᠭᠠᠵᠤ᠂ | ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠢᠳᠡᠪᠬᠢᠲᠡᠢ ᠳᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠪᠤᠶᠠᠨ | ᠦᠢᠯᠡᠳᠴᠦ ᠠᠰᠢᠭ ᠬᠦᠷᠲᠡᠭᠡᠬᠦ ᠬᠡᠷᠡᠭᠲᠡᠢ᠃ ᠴᠡᠷᠢᠭ ᠠᠩᠭᠢ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠨᠢᠭᠲᠠ ᠬᠠᠮᠵᠢᠯᠴᠠᠵᠤ᠂ ᠴᠡᠷᠢᠭ ᠵᠠᠰᠠᠭ ᠴᠡᠷᠢᠭ | ᠠᠷᠠᠳ ᠤᠨ ᠪᠠᠲᠤ ᠪᠠᠬᠢ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠠᠷᠠᠳ ᠲᠦᠮᠡᠨ ᠢᠶᠠᠨ ᠬᠠᠶᠢᠷᠠᠯᠠᠬᠤ ᠴᠡᠷᠢᠭ ᠢᠶᠠᠨ ᠬᠠᠶᠢᠷᠠᠯᠠᠬᠤ ᠴᠠᠭ ᠦᠶ᠎ᠡ ᠶᠢᠨ | ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ ᠬᠤᠷᠠᠯ 4 ᠰᠠᠷ᠎ᠠ ᠶᠢᠨ 23 ᠤ ᠡᠳᠦᠷ ᠪᠡᠭᠡᠵᠢᠩ ᠳᠤ | ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ | ᠶᠡᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ | ᠵᠢᠭᠠᠪᠤᠷᠢ ᠪᠣᠯ ᠨᠠᠮ ᠠᠴᠠ ᠬᠤᠶᠠᠷ ᠢ ᠬᠦᠷᠢᠶᠡᠯᠡᠬᠦ ᠠᠵᠢᠯ ᠢ ᠤᠳᠤᠷᠢᠳᠤᠭᠰᠠᠨ ᠲᠡᠦᠬᠡᠨ ᠲᠤᠷᠰᠢᠯᠭ᠎ᠠ ᠶᠢᠨ ᠳ᠋ᠦᠩᠨᠡᠯᠲᠡ ᠪᠠ ᠣᠨᠣᠯ ᠤᠨ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠳᠤ ᠦᠨᠳᠦᠰᠦᠨ | ᠵᠢᠷᠤᠮᠯᠠᠯ ᠬᠠᠩᠭᠠᠪᠠ᠃ ᠪᠢᠳᠡ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ | ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠯᠢ ᠴᠢᠶᠠᠩ᠂ ᠣᠶᠢᠷ᠎ᠠ ᠶᠢᠨ ᠵᠢᠯ ᠠᠴᠠ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ | ᠬᠤᠶᠠᠷ ᠢ ᠬᠦᠷᠢᠶᠡᠯᠡᠬᠦ ᠠᠵᠢᠯ ᠢᠳᠡᠪᠬᠢᠲᠡᠢ ᠠᠬᠢᠴᠠ ᠲᠠᠢ ᠪᠣᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠤᠨ ᠰᠢᠰᠲ᠋ᠧᠮ ᠨᠡᠩ | ᠪᠦᠷᠢᠨᠰᠢᠵᠦ᠂ ᠨᠡᠶᠢᠭᠡᠮ ᠤᠨ ᠴᠡᠷᠢᠭ ᠢ ᠬᠦᠷᠢᠶᠡᠯᠡᠬᠦ ᠵᠣᠬᠢᠶᠠᠨ ᠪᠠᠶᠢᠭᠤᠯᠤᠯᠲᠠ ᠪᠠ ᠦᠢᠯᠡᠴᠢᠯᠡᠭᠡᠨ ᠤ ᠲᠣᠣᠷ ᠨᠡᠩ ᠲᠡᠭᠦᠯᠳᠡᠷᠵᠢᠵᠦ᠂ ᠪᠦᠭᠦ ᠴᠡᠷᠢᠭ ᠠᠩᠭᠢ ᠶᠢᠨ | ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠢᠯᠢ ᠬᠢᠵᠠᠭᠠᠷ ᠢ | ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠢᠳᠡᠪᠬᠢᠲᠡᠢ ᠣᠷᠣᠯᠴᠠᠵᠤ᠂ | ᠠᠶᠤᠯ ᠭᠠᠮᠰᠢᠭ ᠠᠴᠠ ᠠᠪᠤᠷᠠᠬᠤ᠂ ᠳᠤᠮᠳᠠᠳᠤ ᠶᠢᠨ ᠬᠠᠷᠢᠶᠠᠲᠤ ᠨᠠᠷ ᠤᠨ ᠪᠤᠴᠠᠵᠤ ᠭᠠᠷᠬᠤ ᠠᠶᠠᠯᠠᠯ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠵᠤ ᠭᠡᠨᠡᠳᠲᠡ ᠶᠢᠨ | ᠬᠡᠷᠡᠭ ᠢ ᠰᠢᠢᠳᠪᠦᠷᠢᠯᠡᠬᠦ ᠵᠡᠷᠭᠡ ᠡᠭᠦᠷᠭᠡ ᠶᠢ ᠭᠠᠷᠮᠠᠭᠠᠢ ᠪᠡᠶᠡᠯᠡᠭᠦᠯᠪᠡ᠃ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠬᠤᠶᠠᠷ ᠢ ᠬᠦᠷᠢᠶᠡᠯᠡᠬᠦ ᠠᠵᠢᠯ ᠨᠢ ᠴᠡᠷᠢᠭ ᠠᠩᠭᠢ ᠪᠠ ᠣᠷᠣᠨ ᠨᠤᠲᠤᠭ ᠲᠠᠢ ᠬᠠᠷᠢᠯᠴᠠᠵᠤ᠂ | ᠴᠡᠷᠢᠭ ᠠᠷᠠᠳ ᠢ ᠪᠦᠯᠬᠦᠮᠳᠡᠭᠦᠯᠵᠦ᠂ ᠰᠡᠳᠬᠢᠯ ᠢ ᠨᠢᠭᠡᠳᠬᠡᠨ ᠬᠦᠴᠦ ᠶᠢ ᠬᠠᠮᠲᠤᠳᠬᠠᠬᠤ ᠴᠢᠬᠤᠯᠠ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠴᠡᠷᠢᠭ | ᠠᠩᠭᠢ ᠪᠠ ᠣᠷᠣᠨ ᠨᠤᠲᠤᠭ ᠢ ᠬᠤᠣᠰ ᠴᠢᠭᠯᠡᠯ ᠢᠶᠠᠷ ᠳᠡᠮᠵᠢᠬᠦ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠪᠠ ᠤᠯᠤᠰ ᠤᠨ ᠠᠵᠢᠯ ᠦᠢᠯᠡᠰ ᠤᠨ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | ᠯᠢ ᠴᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠣᠨ ᠪᠦᠭᠦ ᠲᠠᠯ᠎ᠠ ᠶᠢᠨ | ᠦᠵᠡᠯᠲᠡ ᠶᠢ ᠪᠠᠲᠤ ᠪᠤᠢ ᠪᠤᠯᠭᠠᠵᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢᠨ ᠭᠤᠣᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠡᠷᠢᠭ ᠠᠩᠭᠢ ᠪᠣᠯᠣᠨ ᠣᠷᠣᠨ ᠨᠤᠲᠤᠭ ᠤᠨ ᠬᠠᠮᠵᠢᠯᠴᠠᠭ᠎ᠠ ᠶᠢ | ᠨᠢᠭᠲᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠬᠡᠷᠡᠭᠲᠡᠢ᠃ ᠠᠯᠪᠠᠨ ᠳᠤ ᠪᠠᠶᠢᠭ᠎ᠠ ᠴᠡᠷᠢᠭ ᠪᠣᠯᠣᠨ ᠠᠯᠪᠠ ᠠᠴᠠ ᠬᠠᠯᠠᠭᠳᠠᠭᠰᠠᠨ ᠴᠡᠷᠢᠭ ᠤᠨ ᠪᠣᠳᠠᠲᠠᠢ ᠬᠡᠷᠡᠭᠴᠡᠭᠡ ᠶᠢ | ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠦᠢᠯᠡᠴᠢᠯᠡᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠴᠡᠷᠢᠭ | ᠬᠥᠮᠥᠨ ᠤ ᠬᠠᠯᠠᠮᠵᠢᠯᠠᠵᠤ ᠪᠠᠶᠢᠭ᠎ᠠ ᠦᠷ᠎ᠡ ᠬᠡᠦᠬᠡᠳ ᠤᠨ ᠬᠢᠨᠢ ᠰᠤᠷᠭᠠᠨ ᠬᠥᠮᠦᠵᠢᠯ᠂ ᠭᠡᠷ ᠪᠦᠯᠢ ᠶᠢᠨ ᠬᠢᠨ ᠤ ᠠᠵᠢᠯ ᠣᠯᠭᠤᠯᠲᠠ᠂ ᠡᠴᠢᠭᠡ ᠡᠬᠡ ᠶᠢᠨ ᠬᠢᠨᠢ | ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠢ ᠴᠢᠩ ᠰᠡᠳᠬᠢᠯ ᠠᠴᠠ ᠪᠠᠨ ᠬᠠᠪᠰᠤᠷᠤᠨ ᠰᠢᠢᠳᠪᠦᠷᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠢ | ᠲᠥᠪᠬᠢᠨᠡᠭᠦᠯᠬᠦ᠂ ᠠᠵᠢᠯ ᠣᠯᠵᠤ ᠦᠢᠯᠡᠰ ᠪᠣᠰᠬᠠᠬᠤ᠂ ᠠᠰᠠᠷᠠᠮᠵᠢ ᠬᠠᠷᠠᠭᠠᠯᠵᠠᠯ ᠪᠠ ᠬᠦᠴᠢᠷᠳᠡᠯ ᠢ ᠨᠢ ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠬᠦ ᠬᠡᠷᠡᠭᠲᠡᠢ᠃ ᠴᠡᠷᠢᠭ ᠠᠩᠭᠢ ᠶᠢᠨ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠨᠤᠲᠤᠭ ᠤᠨ ᠠᠵᠤ ᠠᠬᠤᠢ | ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠳᠡᠮᠵᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠷᠣᠨ ᠨᠤᠲᠤᠭ ᠲᠤ | ᠬᠠᠪᠰᠤᠷᠤᠨ ᠲᠡᠳᠬᠦᠬᠦ ᠶᠢ ᠴᠢᠩᠭᠠᠳᠬᠠᠬᠤ᠂ ᠠᠮᠤᠷ ᠠᠮᠤᠭᠤᠯᠠᠩ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠨᠠᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠳᠤᠮᠳᠠ ᠬᠤᠶᠠᠷ ᠢ ᠬᠦᠷᠢᠶᠡᠯᠡᠬᠦ ᠠᠵᠢᠯ ᠤᠨ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠵᠢᠱᠢᠶᠡᠴᠢ ᠶᠢ ᠡᠭᠦᠳᠦᠨ ᠪᠠᠶᠢᠭᠤᠯᠬᠤ ᠶᠢ | ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠬᠦ ᠨᠡᠶᠢᠭᠡᠮ ᠤᠨ ᠰᠠᠭᠤᠷᠢ ᠶᠢ ᠪᠠᠬᠢᠵᠢᠭᠦᠯᠦᠨ ᠥᠷᠭᠡᠳᠬᠡᠵᠦ᠂ ᠨᠠᠮ ᠤᠨ ᠲᠥᠪ ᠬᠤᠷᠢᠶ᠎ᠠ ᠶᠢᠨ ᠬᠤᠶᠠᠷ ᠢ ᠬᠦᠷᠢᠶᠡᠯᠡᠬᠦ | ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠲᠤᠬᠠᠢ ᠲᠣᠭᠲᠠᠭᠠᠯ ᠢ ᠤᠩᠰᠢᠨ | ᠨᠡᠶᠢᠲᠡᠯᠡᠵᠦ᠂ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢᠨ ᠲᠥᠯᠥᠭᠡᠯᠡᠭᠴᠢ ᠳᠤ ᠱᠠᠩᠨᠠᠯ ᠣᠯᠭᠤᠪᠠ᠃ ᠬᠤᠯᠪᠣᠭᠳᠠᠯ ᠪᠦᠬᠦᠢ | ᠴᠡᠷᠢᠭ ᠠᠩᠭᠢ ᠪᠠ ᠣᠷᠣᠨ ᠨᠤᠲᠤᠭ ᠤᠨ ᠲᠥᠯᠥᠭᠡᠯᠡᠭᠴᠢ ᠦᠭᠡ ᠬᠡᠯᠡᠪᠡ᠃ | ᠱᠢ ᠲᠠᠢ ᠹᠧᠩ᠂ ᠯᠢ ᠱᠤ᠋ ᠯᠧᠢ᠂ ᠵᠠᠩ ᠶᠢᠦ ᠰᠢᠶᠠ᠂ ᠸᠠᠩ ᠳ᠋ᠦᠩ ᠮᠢᠩ᠂ ᠦ᠋ ᠵᠧᠩ ᠯᠦᠩ᠂ ᠱᠧᠨ ᠶᠤᠸᠠᠢ ᠶᠤᠸᠠᠢ ᠶᠡᠭᠡ ᠬᠤᠷᠠᠯ ᠳᠤ ᠣᠷᠣᠯᠴᠠᠪᠠ᠃ | ᠴᠧᠨ ᠢ ᠴᠢᠨ ᠶᠡᠭᠡ ᠬᠤᠷᠠᠯ ᠢ ᠡᠷᠭᠢᠯᠡᠵᠡᠢ᠃ | ᠨᠡᠷᠡᠶᠢᠳᠦᠭᠳᠡᠭᠰᠡᠨ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢᠨ ᠲᠥᠯᠥᠭᠡᠯᠡᠭᠴᠢ᠂ ᠪᠦᠭᠦ ᠤᠯᠤᠰ ᠤᠨ ᠬᠤᠶᠠᠷ ᠢ | ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠶᠠᠷ ᠢ ᠬᠦᠷᠢᠶᠡᠯᠡᠬᠦ | ᠠᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠶᠡᠭᠡ ᠬᠤᠷᠠᠯ ᠳᠤ ᠣᠷᠣᠯᠴᠠᠵᠠᠢ᠃ | | |