4 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠭᠤᠷ ᠠᠮᠢᠰᠬᠤᠯ ᠪᠣᠯᠣᠨ ᠲᠥᠪ ᠭᠤᠤᠯᠴᠢ ᠪᠠᠷ ᠭᠡᠯᠪᠡᠷᠢ ᠪᠠᠨ | ᠬᠤᠪᠢᠷᠠᠭᠤᠯᠬᠤ ᠤᠳᠤᠷᠢᠳᠬᠤ ᠬᠥᠮᠥᠰ ᠤᠨ ᠲᠦᠷᠦᠭᠦᠴᠦᠳ ᠤᠨ ᠸᠢᠳᠢᠤ᠋ ᠬᠤᠷᠠᠯ ᠳᠤ ᠪᠠᠶᠠᠷ ᠤᠨ ᠦᠭᠡ ᠬᠡᠯᠡᠪᠡ᠃ | | | | | | 4 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠭᠤᠷ ᠠᠮᠢᠰᠬᠤᠯ ᠪᠣᠯᠣᠨ ᠲᠥᠪ ᠭᠤᠤᠯᠴᠢ ᠪᠠᠷ ᠭᠡᠯᠪᠡᠷᠢ ᠪᠠᠨ | ᠬᠤᠪᠢᠷᠠᠭᠤᠯᠬᠤ ᠤᠳᠤᠷᠢᠳᠬᠤ ᠬᠥᠮᠥᠰ ᠤᠨ ᠲᠦᠷᠦᠭᠦᠴᠦᠳ ᠤᠨ ᠸᠢᠳᠢᠤ᠋ ᠬᠤᠷᠠᠯ ᠳᠤ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | | ᠰᠢ ᠶᠢᠨ ᠫᠢᠩ᠂ ᠡᠨᠡ ᠵᠢᠯ ᠪᠣᠯ ︽ᠫᠠᠷᠢᠰ ᠤᠨ ᠬᠡᠯᠡᠯᠴᠡᠭᠡᠷ︾ ᠲᠣᠭᠲᠠᠭᠰᠠᠨ 10 ᠵᠢᠯ ᠤᠨ ᠤᠢ ᠪᠤᠯᠬᠤ ᠪᠥᠭᠡᠳ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠣᠳᠣᠬᠠᠨ ᠳᠤ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ | ᠬᠤᠪᠢᠰᠤᠯᠲᠠ ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ ᠤ ᠨᠡᠶᠢᠭᠡᠮ ᠰᠢᠨ᠎ᠡ ᠲᠣᠨᠣᠯᠵᠢᠨ ᠵᠠᠮ ᠳᠤ ᠵᠣᠭᠰᠣᠪᠠ᠃ ᠣᠨᠴᠠ ᠵᠠᠷᠢᠮ ᠲᠣᠮᠣ ᠤᠯᠤᠰ | ᠬᠡᠳᠦᠶᠢᠪᠡᠷ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠳᠤ ᠬᠠᠯᠠᠮᠰᠢᠵᠤ᠂ ᠤᠯᠠᠨ ᠤᠯᠤᠰ ᠤᠨ ᠳᠦᠷᠢᠮ ᠪᠠ ᠤᠯᠠᠨ ᠤᠯᠤᠰ ᠤᠨ ᠡᠮᠬᠢ ᠵᠢᠷᠤᠮ ᠳᠤ | ᠬᠦᠨᠳᠦ ᠨᠣᠴᠢᠲᠠᠢ ᠳᠠᠭᠠᠷᠢᠯᠲᠠ ᠤᠴᠠᠷᠠᠭᠤᠯᠵᠤ ᠪᠠᠶᠢᠬᠤ ᠪᠤᠯᠪᠠᠴᠤ ᠲᠡᠦᠬᠡ ᠶᠡᠷᠦ ᠨᠢ ᠨᠤᠭᠤᠷᠠᠯ ᠪᠦᠳᠦᠷᠢᠯ ᠤᠨ ᠳᠤᠮᠳᠠ ᠤᠷᠤᠭᠰᠢᠯᠠᠬᠤ ᠶᠤᠮ᠃ ᠢᠲᠡᠭᠡᠯ | ᠵᠣᠷᠢᠭ ᠢᠶᠠᠨ ᠪᠠᠲᠤᠳᠬᠠᠵᠤ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠳᠠᠭ ᠯᠠ ᠶᠤᠮ ᠪᠣᠯ ᠯᠠᠪᠲᠠᠢ ᠰᠥᠷᠭᠡᠦ ᠤᠷᠤᠰᠬᠠᠯ ᠢ ᠰᠢᠪᠲᠤᠯᠵᠤ᠂ ᠪᠦᠭᠦ | ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠪᠣᠯᠣᠨ ᠳᠡᠯᠡᠬᠡᠢ ᠶᠢᠨ ᠠᠯᠢᠪᠠ ᠲᠠᠪᠰᠢᠯᠳᠠ ᠶᠢᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ | ᠠᠬᠢᠭᠤᠯᠵᠤ ᠴᠢᠳᠠᠨ᠎ᠠ᠃ | ᠨᠢᠭᠡ ᠳᠤ᠂ ᠤᠯᠠᠨ ᠲᠠᠯᠠᠲᠤ ᠦᠵᠡᠯ ᠢ ᠪᠠᠲᠤ ᠰᠠᠬᠢᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ | ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠲᠥᠪ | ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠬᠤ ᠬᠡᠷᠡᠭᠲᠡᠢ᠃ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠢᠲᠡᠭᠡᠯ ᠢ ᠴᠢᠬᠤᠯᠠᠴᠢᠯᠠᠨ | ᠠᠮᠠᠯᠠᠯᠲᠠ ᠪᠠᠨ ᠵᠢᠷᠤᠮᠯᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠣᠨᠢᠯᠠᠨ᠂ ᠤᠯᠠᠨ ᠲᠠᠯᠠᠲᠤ ᠵᠠᠰᠠᠯᠲᠠ ᠪᠠᠷ ᠳᠠᠮᠵᠢᠭᠤᠯᠤᠨ | ᠠᠭᠤᠷ ᠠᠮᠢᠰᠬᠤᠯ ᠤᠨ ᠬᠢᠮᠤᠷᠠᠯ ᠢ ᠬᠠᠮᠲᠤ ᠪᠠᠷ ᠠᠷᠭᠠᠴᠠᠭᠠᠶ᠎ᠠ᠃ | ᠬᠤᠶᠠᠷ ᠲᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠪᠠᠷ ᠵᠠᠪᠰᠠᠷᠳᠠᠯ | ᠮᠥᠷᠭᠦᠯᠳᠦᠭᠡᠨ ᠢ ᠳᠠᠪᠠᠵᠤ᠂ ᠬᠠᠮᠲᠤᠷᠠᠯᠴᠠᠭ᠎ᠠ ᠪᠠᠷ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠬᠤᠪᠢᠰᠤᠯᠲᠠ ᠶᠢ ᠠᠬᠢᠭᠤᠯᠵᠤ᠂ ᠴᠢᠨᠠᠷ | ᠰᠠᠶᠢᠲᠠᠢ ᠪᠣᠬᠢᠷᠳᠤᠯ ᠦᠭᠡᠢ ᠮᠡᠷᠭᠡᠵᠢᠯ ᠪᠠ ᠦᠢᠯᠡᠳᠬᠦᠨ ᠤ ᠴᠢᠯᠦᠭᠡᠲᠡᠢ ᠭᠦᠢᠯᠭᠡᠭᠡ ᠶᠢ ᠠᠬᠢᠭᠤᠯᠵᠤ᠂ ᠡᠯ᠎ᠡ ᠤᠯᠤᠰ ᠢᠯᠠᠩᠭᠤᠶ᠎ᠠ ᠥᠷᠭᠡᠨ ᠤᠯᠠᠨ ᠬᠥᠭᠵᠢᠵᠦ | ᠪᠠᠶᠢᠭ᠎ᠠ ᠤᠯᠤᠰ ᠴᠥᠮ ᠬᠡᠷᠡᠭᠯᠡᠵᠦ ᠪᠤᠯᠬᠤ᠂ ᠬᠡᠷᠡᠭᠯᠡᠵᠦ ᠳᠡᠶᠢᠯᠭᠦ᠂ ᠰᠠᠶᠢᠲᠤᠷ ᠬᠡᠷᠡᠭᠯᠡᠬᠦ ᠪᠣᠯᠭᠠᠨ᠎ᠠ᠃ ᠳᠤᠮᠳᠠᠳᠤ ᠤᠯᠤᠰ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤᠷᠠᠯᠴᠠᠭ᠎ᠠ ᠶᠢ ᠶᠡᠭᠡ ᠪᠠᠷ ᠭᠦᠨᠵᠡᠭᠡᠶᠢᠷᠡᠭᠦᠯᠵᠦ᠂ ᠪᠤᠰᠤᠳ ᠬᠥᠭᠵᠢᠵᠦ ᠪᠠᠶᠢᠭ᠎ᠠ ᠤᠯᠤᠰ ᠤᠳ ᠲᠤ ᠦᠷᠭᠦᠯᠵᠢᠯᠡᠨ ᠴᠢᠳᠠᠯ ᠤᠨ ᠢᠶᠠᠨ ᠬᠢᠷᠢ ᠪᠠᠷ | ᠬᠠᠪᠰᠤᠷᠤᠯᠭ᠎ᠠ ᠦᠵᠡᠭᠦᠯᠦᠨ᠎ᠡ᠃ | ᠭᠤᠷᠪᠠ ᠳᠤ᠂ ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠤᠯᠭᠠᠵᠤ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠬᠤ ᠪᠠ ᠠᠭᠤᠷ ᠠᠮᠢᠰᠬᠤᠯ ᠢ ᠵᠠᠰᠠᠬᠤ ᠶᠢ ᠬᠠᠮᠵᠢᠯᠴᠠᠨ ᠠᠬᠢᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ᠂ | ᠠᠵᠤ ᠠᠬᠤᠢ ᠶᠢ ᠬᠥᠭᠵᠢᠭᠦᠯᠬᠦ᠂ ᠠᠵᠢᠯ ᠤᠨ ᠪᠠᠶᠢᠷᠢ ᠡᠭᠦᠳᠬᠦ᠂ ᠶᠠᠳᠠᠭᠤ ᠬᠦᠴᠢᠷᠳᠡᠯ ᠢ ᠠᠷᠢᠯᠭᠠᠬᠤ ᠵᠡᠷᠭᠡ ᠣᠯᠠᠨ ᠬᠠᠷᠠᠯᠲᠠ ᠶᠢ ᠨᠢᠭᠡᠳᠦᠯᠲᠡᠢ | ᠲᠥᠯᠥᠪᠵᠢᠭᠦᠯᠬᠦ ᠬᠡᠷᠡᠭᠲᠡᠢ᠃ ᠬᠥᠭᠵᠢᠭᠰᠡᠨ ᠤᠯᠤᠰ ᠤᠳ ᠬᠥᠭᠵᠢᠵᠦ ᠪᠠᠶᠢᠭ᠎ᠠ ᠤᠯᠤᠰ ᠤᠳ ᠲᠤ ᠬᠠᠪᠰᠤᠷᠤᠯᠭ᠎ᠠ ᠳᠡᠮᠵᠢᠯᠭᠡ ᠬᠠᠩᠭᠠᠵᠤ᠂ ᠪᠦᠭᠦ | ᠪᠥᠮᠪᠥᠷᠴᠡᠭ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ ᠡᠯ᠎ᠡ ᠤᠯᠤᠰ ᠤᠨ | ᠠᠷᠠᠳ ᠲᠦᠮᠡᠨ ᠤ ᠬᠠᠮᠲᠤ ᠶᠢᠨ ᠪᠠ ᠠᠯᠤᠰ ᠭᠡᠳᠤ ᠶᠢᠨ ᠠᠵᠠ ᠵᠢᠷᠭᠠᠯ ᠢ ᠨᠡᠮᠡᠭᠳᠡᠭᠦᠯᠬᠦ ᠡᠭᠦᠷᠭᠡ ᠲᠠᠢ ᠶᠤᠮ᠃ | ᠳᠥᠷᠪᠡ ᠳᠤ᠂ ᠪᠣᠳᠠᠲᠠᠢ ᠶᠢ ᠡᠷᠭᠢᠮᠯᠡᠭᠦ ᠠᠵᠢᠯᠯᠠᠭ᠎ᠠ ᠶᠢ ᠴᠢᠩᠭᠠᠳᠬᠠᠨ᠎ᠠ᠃ ᠡᠯ᠎ᠡ ᠲᠠᠯ᠎ᠠ ᠶᠢᠨ ᠬᠢᠨ ᠴᠥᠮ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ | ᠪᠠᠶᠢᠭᠠᠳ ᠠᠵᠤ ᠠᠬᠤᠢ ᠶᠢᠨ ᠬᠥᠭᠵᠢᠯᠲᠡ ᠪᠠ ᠡᠨᠧᠷᠭᠢ ᠶᠢᠨ ᠭᠡᠯᠪᠡᠷᠢ ᠶᠢᠨ ᠬᠤᠪᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠭᠰᠡᠨ ᠰᠠᠭᠤᠷᠢᠨ ᠳᠡᠭᠡᠷ᠎ᠡ | ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠭᠦ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠪᠡᠯ ᠵᠣᠬᠢᠨ᠎ᠠ᠃ ᠳᠤᠮᠳᠠᠳᠤ ᠤᠯᠤᠰ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠧᠯᠦ᠋ᠨ ᠤ ᠶᠡᠭᠡ ᠬᠤᠷᠠᠯ ᠠᠴᠠ ᠡᠮᠦᠨ᠎ᠡ᠂ ᠪᠤᠢ ᠪᠦᠬᠦᠢ | ᠬᠦᠯᠡᠮᠵᠢ ᠶᠢᠨ ᠬᠡᠢ ᠪᠡᠶᠡᠲᠦ ᠶᠢ ᠪᠠᠭᠲᠠᠭᠠᠭᠰᠠᠨ ᠪᠦᠭᠦ ᠠᠵᠤ ᠠᠬᠤᠢ ᠶᠢᠨ ᠬᠦᠷᠢᠶ᠎ᠡ ᠶᠢ ᠬᠠᠮᠤᠷᠤᠭᠰᠠᠨ 2035 ᠣᠨ ᠤ ᠤᠯᠤᠰ ᠤᠨ ᠪᠡᠶ᠎ᠡ ᠪᠠᠨ ᠳᠠᠭᠠᠭᠠᠵᠤ | ᠬᠤᠪᠢ ᠨᠡᠮᠡᠷᠢ ᠦᠵᠡᠭᠦᠯᠭᠦ ᠬᠠᠷᠠᠯᠲᠠ ᠶᠢ ᠨᠡᠶᠢᠲᠡᠯᠡᠬᠦ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ | ᠲᠣᠳᠣ ᠣᠨᠴᠠᠯᠢᠭ ᠪᠣᠯᠣᠨ᠎ᠠ᠃ ᠳᠤᠮᠳᠠᠳᠤ ᠤᠯᠤᠰ ᠪᠣᠯ ᠳᠡᠯᠡᠬᠡᠢ ᠶᠢᠨ ᠪᠣᠬᠢᠷᠳᠤᠯ ᠦᠭᠡᠢ ᠬᠥᠭᠵᠢᠯᠲᠡ ᠶᠢᠨ ᠡᠷᠡᠰ ᠪᠠᠲᠤ ᠠᠵᠢᠯᠯᠠᠭᠴᠢ᠂ ᠴᠢᠬᠤᠯᠠ ᠬᠤᠪᠢ | ᠨᠡᠮᠡᠷᠢ ᠦᠵᠡᠭᠦᠯᠦᠭᠴᠢ ᠮᠥᠨ᠂ 5 ᠵᠢᠯ ᠤᠨ ᠡᠮᠦᠨ᠎ᠡ ᠪᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠨᠡᠶᠢᠲᠡᠯᠡᠭᠰᠡᠨ ᠠᠴᠠ ᠨᠠᠭᠠᠰᠢ᠂ ᠳᠤᠮᠳᠠᠳᠤ ᠤᠯᠤᠰ ᠪᠦᠭᠦ ᠪᠥᠮᠪᠥᠷᠴᠡᠭ ᠤᠨ ᠬᠠᠮᠤᠭ ᠤᠨ ᠶᠡᠭᠡ᠂ | ᠬᠥᠭᠵᠢᠯᠲᠡ ᠪᠠᠷ ᠬᠠᠮᠤᠭ ᠤᠨ ᠲᠦᠷᠭᠡᠨ ᠳᠠᠬᠢᠯᠲᠠ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠪᠦᠭᠦ ᠪᠥᠮᠪᠥᠷᠴᠡᠭ ᠤᠨ ᠬᠠᠮᠤᠭ ᠤᠨ ᠶᠡᠭᠡ᠂ ᠬᠠᠮᠤᠭ ᠤᠨ ᠪᠦᠷᠢᠨ | ᠪᠦᠲᠦᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠪᠦᠭᠦ ᠪᠥᠮᠪᠥᠷᠴᠡᠭ ᠤᠨ ᠲᠦᠷᠪᠡᠨ ᠤ ᠨᠢᠭᠡ ᠬᠤᠪᠢ ᠶᠢᠨ ᠰᠢᠨ᠎ᠡ ᠪᠠᠷ | ᠨᠡᠮᠡᠭᠳᠡᠭᠰᠡᠨ ᠪᠣᠬᠢᠷᠳᠤᠯ ᠦᠭᠡᠢ ᠲᠠᠯᠠᠪᠠᠢ ᠶᠢ ᠬᠠᠨᠳᠢᠪᠯᠡᠪᠠ᠃ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ ᠳᠤᠮᠳᠠᠳᠤ ᠤᠯᠤᠰ ᠤᠨ ᠠᠭᠤᠷ | ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠬᠤ ᠠᠵᠢᠯᠯᠠᠭ᠎ᠠ ᠤᠳᠠᠭᠠᠰᠢᠷᠠᠬᠤ ᠦᠭᠡᠢ᠂ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ | ᠴᠢᠷᠮᠠᠶᠢᠯᠭ᠎ᠠ ᠰᠤᠯᠠᠷᠠᠬᠤ ᠦᠭᠡᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠦᠢᠯᠡᠳᠦᠯᠭᠡ | ᠵᠤᠬᠰᠤᠬᠤ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠬᠠᠮᠲᠤ ᠶᠢᠨ ᠪᠤᠯᠪᠠᠴᠤ ᠢᠯᠭᠠᠭ᠎ᠠ ᠲᠠᠢ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠪᠦᠯᠬᠦᠮᠳᠡᠨ ᠬᠠᠮᠵᠢᠯᠴᠠᠵᠤ᠂ ᠠᠷᠢᠭᠤᠨ ᠴᠡᠪᠡᠷ᠂ ᠦᠵᠡᠰᠬᠦᠯᠡᠩᠲᠦ | ᠰᠠᠶᠢᠬᠠᠨ᠂ ᠦᠷᠭᠦᠯᠵᠢᠯᠡᠬᠦ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ︶ | | |