ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2025 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/27
      4 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ ᠬᠤᠰᠢᠭᠤ ᠠᠷᠠᠳ ᠤᠨ ᠵᠠᠰᠠᠭ ᠤᠨ ᠣᠷᠳᠣᠨ ᠤ 2025 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠤᠳᠤᠷᠢᠳᠤᠯᠭ᠎ᠠ ᠮᠠ ᠶᠠ ᠳ᠋ᠦᠩ᠂ ᠠᠯᠲᠠᠨᠴᠢᠯᠠᠭᠤ᠂ ᠰᠢᠶᠤᠤ ᡁᠢ ᠺᠤᠸᠠᠨ᠂ ᠮᠠᠰᠢᠪᠢᠯᠢᠭ᠌᠂ ᠴᠠᠩ ᠢᠦᠢ ᠵᠢᠶᠦ᠋ᠨ᠂ ᠹᠠᠨ ᠴᠦᠨ ᠬᠤᠢ᠂ ᠱᠠ ᠵᠢᠶᠠᠨ᠂ ᠮᠢ ᠬᠤᠩ ᠵᠦᠸᠧ᠂ ᠤᠯᠠᠭᠠᠨᠪᠠᠭᠠᠲᠤᠷ ᠣᠷᠣᠯᠴᠠᠪᠠ᠃
1.png   
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠪᠣᠯᠤᠨ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠦᠬᠦᠷᠦᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠬᠠᠮᠵᠢᠯᠴᠠᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠤᠨ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ ᠰᠣᠶᠣᠯ ᠤᠨ ᠠᠵᠢᠯ ᠦᠢᠯᠡᠰ ᠪᠠ ᠰᠣᠶᠣᠯ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠶ᠃ ᠪᠦᠬᠦ ᠬᠤᠳᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ ᠬᠦᠴᠦᠲᠡᠢ ᠠᠷᠭ᠎ᠠ ᠬᠡᠮᠵᠢᠶ᠎ᠡ ᠠᠪᠴᠤ ᠳᠤᠲᠠᠭᠤᠳᠠᠯ ᠢᠶᠠᠨ ᠨᠥᠬᠦᠪᠥᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ ᠳᠡᠭᠡᠷ᠎ᠡ ᠬᠠᠭᠠᠰ ᠵᠢᠯ ᠤᠨ ᠡᠭᠦᠷᠭᠡ ᠪᠠᠨ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠨ ᠭᠠᠵᠠᠷ  ᠬᠡᠷᠡᠭᠯᠡᠭᠰᠡᠨ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠰᠣᠨᠣᠰᠪᠠ᠃ ᠵᠣᠭᠰᠣᠴᠠ ᠪᠠᠨ ᠳᠡᠭᠡᠭᠰᠢᠯᠡᠭᠦᠯᠵᠦ  ᠴᠡᠭᠴᠡᠯᠡᠨ ᠵᠠᠰᠠᠬᠤ ᠬᠠᠷᠠᠯᠲᠠ ᠪᠠ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ ᠪᠠᠷᠢᠯᠭ᠎ᠠ ᠶᠢᠨ ᠬᠤᠭᠤᠴᠠᠭ᠎ᠠ ᠶᠢ ᠳᠤᠬᠢᠷᠠᠭᠤᠯᠤᠨ ᠪᠠᠶᠢᠷᠢᠯᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠢ ᠴᠡᠭᠴᠡᠯᠡᠨ ᠵᠠᠰᠠᠵᠤ ᠰᠢᠨ᠎ᠡ ᠪᠠᠷ ᠨᠡᠮᠡᠭᠳᠡᠭᠰᠡᠨ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠰᠢᠭᠤᠨ ᠤ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠡᠮᠬᠢ ᠵᠠᠮᠪᠠᠷᠠᠭ᠎ᠠ ᠥᠬᠡᠶ ᠦᠵᠡᠭᠳᠡᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ ᠴᠢᠩᠭ᠎ᠠ ᠪᠠᠷᠢᠮᠵᠢᠶ᠎ᠠ᠂ ᠪᠣᠳᠠᠲᠠᠶ ᠠᠷᠭ᠎ᠠ ᠬᠡᠮᠵᠢᠶ᠎ᠡ ᠪᠠᠷ ᠠᠷᠠᠳ ᠤᠨ ᠶᠠᠪᠤᠳᠠᠯ ᠤᠨ ᠬᠦᠷᠢᠶᠡᠨ ᠳᠠᠬᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠵᠢᠷᠭᠤᠭᠠᠨ ᠠᠵᠢᠯᠯᠠᠭ᠎ᠠ︾ ᠶᠢᠨ ᠬᠡᠷᠡᠭᠵᠢᠭᠦᠯᠬᠦ ᠲᠥᠰᠦᠯ ᠢ ᠰᠤᠳᠤᠯᠤᠨ ᠬᠢᠨᠠᠨ ᠵᠥᠪᠯᠡᠪᠡ᠃ ᠦᠳᠲᠡᠷ ᠲᠦᠷᠭᠡᠨ ᠬᠥᠳᠡᠯᠦᠯᠴᠡᠵᠦ᠂ ᠲᠥᠰᠦᠯ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠡᠷᠲᠡᠬᠡᠨ ᠲᠥᠯᠥᠪᠵᠢᠭᠦᠯᠵᠦ᠂ ᠡᠷᠲᠡᠬᠡᠨ ᠬᠥᠳᠡᠯᠦᠯᠴᠡᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠪᠦᠬᠦᠯᠢ ᠴᠣᠭᠴᠠ ᠶᠢᠨ ᠠᠵᠢᠯ ᠤᠨ ᠪᠥᠬᠦ ᠲᠠᠯ᠎ᠠ ᠪᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                            ᠰᠤᠷᠪᠤᠯᠵᠢᠯᠠᠭᠴᠢ᠄ ᠵᠢᠢ ᠫᠧᠩ᠂ ᠪᠠᠢ ᠪᠦᠦ ᠴᠢᠶᠠᠩ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ