ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠳ᠋ᠦ᠋ᠭᠡᠷ ᠰᠠᠷ᠎ᠠ ᠶᠢᠨ 25 ᠤ ᠡᠳᠦᠷ ᠬᠤᠷᠠᠯᠳᠤᠭᠠᠨ ᠬᠤᠷᠠᠯᠳᠤᠭᠤᠯᠵᠤ᠂ ᠣᠳᠣᠬᠠᠨ ᠤ ᠠᠵᠤ | ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ | ᠬᠤᠷᠠᠯᠳᠤᠭᠠᠨ ᠢ ᠡᠷᠬᠢᠯᠡᠪᠡ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠵᠢᠯ ᠪᠠ ᠤᠯᠠᠨ ᠤᠯᠤᠰ ᠤᠨ ᠠᠵᠤ ᠠᠬᠤᠢ | ᠠᠷᠠᠯᠵᠢᠶᠠᠨ ᠤ ᠲᠡᠮᠡᠴᠡᠯ ᠢ ᠨᠢᠭᠡᠳᠦᠯᠲᠡᠢ ᠲᠥᠯᠥᠪᠯᠡᠵᠦ᠂ ᠥᠪᠡᠷ ᠤᠨ ᠢᠶᠠᠨ ᠠᠵᠢᠯ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ᠂ ᠠᠵᠤ ᠠᠬᠤᠶᠢᠯᠠᠯ᠂ ᠵᠠᠬ᠎ᠠ ᠳᠡᠯᠭᠡᠭᠦᠷ ᠪᠠ | ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠭᠠᠳᠠᠭᠠᠳᠤ ᠣᠷᠴᠢᠨ ᠨᠥᠬᠦᠴᠡᠯ ᠤᠨ | ᠲᠦᠷᠭᠡᠨ ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠰᠢᠮᠳᠠᠭᠤᠯᠤᠨ | ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ | ᠪᠣᠳᠣᠯᠭ᠎ᠠ ᠶᠢ ᠰᠠᠶᠢᠲᠤᠷ ᠮᠥᠷᠲᠡᠭᠡᠨ ᠭᠦᠢᠴᠡᠳ ᠬᠡᠷᠡᠭᠯᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ | ᠲᠡᠮᠳᠡᠭᠲᠦ᠂ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠵᠡᠷᠭᠡ ᠶᠢ ᠲᠠᠷᠬᠠᠭᠠᠨ ᠬᠡᠷᠡᠭᠯᠡᠬᠦ ᠶᠢ ᠲᠦᠷᠭᠡᠳᠬᠡᠨ᠎ᠡ᠃ ᠦᠨᠳᠦᠰᠦᠨ ᠱᠠᠲᠤᠨ ᠤ | ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠪᠠ ᠬᠦᠦ ᠮᠥᠩᠭᠦ ᠶᠢᠨ | ᠨᠤᠷᠮ᠎ᠠ ᠶᠢ ᠴᠠᠭ ᠲᠤ ᠨᠢ ᠲᠣᠬᠢᠷᠠᠭᠤᠯᠤᠨ ᠪᠠᠭᠤᠷᠠᠭᠤᠯᠵᠤ᠂ ᠬᠥᠳᠡᠯᠭᠡᠭᠡᠨᠲᠦ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠪᠣᠳᠠᠲᠤ ᠴᠣᠭᠴᠠ ᠶᠢᠨ ᠠᠵᠤ | ᠠᠬᠤᠢ ᠶᠢ ᠬᠦᠴᠦᠯᠡᠨ ᠳᠡᠮᠵᠢᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠰᠢᠨ᠎ᠡ ᠪᠠᠭᠠᠵᠢ ᠶᠢ ᠡᠭᠦᠳᠦᠨ | ᠲᠣᠬᠢᠷᠠᠭᠤᠯᠵᠤ᠂ ᠰᠢᠨ᠎ᠡ ᠮᠠᠶ᠋ᠢᠭ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠲᠣᠬᠢᠷᠠᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠭᠡ ᠶᠢ ᠥᠷᠭᠡᠳᠬᠡᠬᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠵᠡᠷᠭᠡ ᠶᠢ ᠳᠡᠮᠵᠢᠨ᠎ᠡ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠵᠦ᠂ ᠦᠢᠯᠡᠴᠢᠯᠡᠭᠡᠨ ᠤ | ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ | ᠬᠡᠷᠡᠭᠯᠡᠭᠡᠨ ᠤ ᠬᠦᠷᠢᠶᠡᠨ ᠳᠠᠬᠢ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠦᠷᠭᠡᠬᠡᠨ ᠢᠯᠭᠠᠷᠠᠭᠤᠯᠤᠨ ᠲᠢᠭᠯᠡᠵᠦ᠂ ᠦᠢᠯᠡᠴᠢᠯᠡᠭᠡᠨ ᠤ ᠬᠡᠷᠡᠭᠯᠡᠭᠡ ᠬᠢᠭᠡᠳ | ᠨᠠᠰᠤᠵᠢᠯ ᠤᠨ ᠠᠰᠠᠷᠠᠮᠵᠢ ᠶᠢᠨ ᠳᠠᠬᠢᠯᠲᠠ ᠵᠢᠭᠡᠯᠡᠯᠭᠡ ᠶᠢ ᠲᠣᠬᠢᠷᠠᠭᠤᠯᠤᠨ᠎ᠠ᠃ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠬᠦᠷᠢᠶ᠎ᠡ | ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ︽ᠰᠢᠨᠡᠳᠬᠡᠬᠦ ᠪᠠ ᠰᠣᠯᠢᠬᠤ︾ ᠲᠠᠯ᠎ᠠ ᠪᠠᠷ ᠬᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ︽ | ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠦᠨ᠎ᠡ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ | ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ᠃ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ | ᠴᠣᠭᠴᠠᠵᠢᠭᠤᠯᠬᠤ ᠪᠠᠨ ᠲᠦᠷᠭᠡᠪᠴᠢᠯᠡᠨ ᠠᠬᠢᠭᠤᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠢᠭᠡ | ᠪᠦᠯᠦᠭ ᠰᠢᠨ᠎ᠡ ᠪᠠᠷ ᠡᠭᠦᠰᠦᠭᠰᠡᠨ ᠲᠤᠯᠭᠠᠭᠤᠷᠢ ᠠᠵᠤ ᠦᠢᠯᠡᠰ ᠢ ᠪᠤᠢ ᠪᠣᠯᠭᠠᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ | ᠰᠢᠢᠳᠪᠦᠷᠢᠯᠡᠬᠦ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠠᠮᠪᠠᠷ᠎ᠠ︾ ᠶᠢ ᠰᠢᠨ᠎ᠡ ᠪᠠᠷ ᠡᠭᠦᠳᠦᠨ ᠭᠠᠷᠭᠠᠵᠤ᠂ ︽ᠵᠣᠬᠢᠶᠠᠮᠠᠯ ᠤᠶᠤᠨ +︾ ᠠᠵᠢᠯᠯᠠᠭ᠎ᠠ ᠶᠢ ᠲᠦᠷᠭᠡᠪᠴᠢᠯᠡᠨ ᠬᠡᠷᠡᠭᠵᠢᠭᠦᠯᠦᠨ᠎ᠡ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |