4 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ 2025 ᠣᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠰᠠᠨ ᠪᠠᠶᠢᠨ᠎ᠠ᠃ | | | | | ᠬᠠᠮᠲᠤ ᠶᠢᠨ ᠰᠤᠷᠤᠯᠴᠠᠯᠭ᠎ᠠ ᠨᠢ ᠲᠤᠰᠬᠠᠶ ᠰᠡᠳᠦᠪᠲᠦ ᠲᠠᠶᠢᠯᠤᠮᠵᠢ ᠪᠠ ᠲᠤᠰᠬᠠᠶ ᠰᠡᠳᠦᠪᠲᠦ ᠰᠤᠳᠤᠯᠤᠨ ᠶᠠᠷᠢᠯᠴᠠᠭ᠎ᠠ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠶᠠᠪᠤᠭᠳᠠᠵᠤ᠂ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠤᠷᠢᠵᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠶ ᠰᠤᠷᠤᠯᠴᠠᠬᠤ ᠲᠤᠬᠠᠶ ᠲᠠᠶᠢᠯᠤᠮᠵᠢ ᠬᠢᠯᠭᠡᠭᠰᠡᠨ ᠪᠥᠭᠡᠳ ︽ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ | ᠦᠢᠯᠡᠳᠦᠯᠭᠡᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ | ᠠᠵᠢᠯᠯᠠᠭ᠎ᠠ ᠳᠤᠮᠳᠠᠬᠢ ᠦᠦᠰᠢᠨ ᠤ ᠡᠭᠦᠷᠭᠡᠯᠡᠯ ᠢ ᠢᠯᠡᠷᠡᠭᠦᠯᠬᠦ︾ ᠶᠢᠨ ᠲᠤᠭᠤᠷᠢᠨ ᠳᠤ ᠳᠤᠰᠬᠠᠢ ᠰᠡᠳᠦᠪ ᠢᠶᠠᠷ ᠰᠤᠷᠤᠯᠴᠠᠨ᠂ ᠰᠤᠳᠤᠯᠤᠨ ᠶᠠᠷᠢᠯᠴᠠᠵᠤ | ᠰᠠᠨᠠᠯ ᠢᠶᠠᠨ ᠬᠤᠪᠢᠶᠠᠯᠴᠠᠪᠠ᠃ | | | | | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠠᠨ ᠢᠦᠢ ᠹᠧᠩ᠂ ᠡᡁᠧ ᠤᠯᠠᠭᠠᠨ᠂ ᠮᠠᠰᠢᠪᠢᠯᠢᠭ᠌᠂ ᠵᠤᠤ ᠰᠢᠦ᠋ᠩ ᠸᠧᠢ᠂ ᠤᠯᠠᠭᠠᠨᠪᠠᠭᠠᠲᠤᠷ ᠪᠣᠳᠠᠲᠤ | ᠠᠵᠢᠯ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠸᠠᠩ ᠰᠢᠤᠸᠠᠢ ᠹᠧᠩ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠵᠤ ᠶᠠᠷᠢᠬᠤ ᠳᠤ ᠪᠠᠨ | ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭᠠᠨ ᠤ ᠴᠢᠬᠤᠯᠠ ᠠᠭᠤᠯᠤᠭᠲᠠᠬᠤᠨ ᠢ ᠭᠦᠨᠵᠡᠭᠡᠶ ᠣᠶᠢᠯᠠᠭᠠᠵᠤ | ᠨᠠᠩ ᠥᠨᠳᠥᠷ ᠵᠣᠭᠰᠣᠴᠠ᠂ ᠨᠠᠩ ᠥᠷᠭᠡᠨ ᠬᠠᠷᠠᠭᠠᠰᠤ᠂ ᠨᠠᠩ ᠶᠡᠭᠡ ᠡᠷᠴᠢᠮ ᠢᠶᠠᠷ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ᠲᠥᠯᠥᠪᠵᠢᠭᠦᠯᠦᠨ ᠠᠬᠢᠭᠤᠯᠬᠤ ᠬᠡᠷᠡᠭᠲᠡᠶ᠃ ︽ᠬᠥᠮᠦᠨ ᠬᠢᠭᠡᠳ ᠡᠬᠡ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ︾ ᠮᠥᠨ ᠴᠢᠨᠠᠷ ᠤᠨ | ᠱᠠᠭᠠᠷᠳᠠᠯᠭ᠎ᠠ ᠶᠢ ᠣᠶᠢᠯᠠᠭᠠᠵᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠭᠤᠯᠤᠮᠵᠢ ᠪᠣᠯᠤᠨ ᠵᠠᠰᠠᠯᠲᠠ ᠶᠢᠨ ᠲᠣᠭᠲᠠᠯᠴᠠᠭ᠎ᠠ ᠶᠢ | ᠦᠷᠭᠦᠯᠵᠢᠯᠡᠨ ᠪᠦᠷᠢᠨᠰᠢᠬᠦᠯᠦᠨ ᠲᠡᠭᠦᠯᠳᠡᠷᠵᠢᠭᠦᠯᠵᠦ ᠨᠣᠮᠢᠨ ᠲᠠᠩᠰᠤᠭ ᠦᠦᠰᠢᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ | ᠡᠭᠦᠳᠬᠦ ᠬᠡᠷᠡᠭᠲᠡᠢ᠃ ︽ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠪᠣᠯ ᠠᠮᠢ ᠨᠠᠰᠤᠨ ᠤ | ᠬᠠᠮᠲᠤ ᠶᠢᠨ ᠴᠣᠭᠴᠠ ᠮᠥᠨ︾ ᠭᠡᠬᠦ ᠰᠢᠰᠲ᠋ᠧᠮᠲᠤ ᠦᠵᠡᠯᠲᠡ ᠶᠢ ᠲᠤᠭᠤᠰᠢᠯᠠᠭᠤᠯᠵᠤ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ | ᠲᠣᠭᠲᠠᠪᠤᠷᠢᠲᠤ ᠴᠢᠨᠠᠷ᠂ ᠦᠷᠭᠦᠯᠵᠢᠯᠡᠬᠦᠶᠢᠴᠡ ᠴᠢᠨᠠᠷ ᠢ ᠦᠷᠭᠦᠯᠵᠢᠯᠡᠨ ᠨᠠᠶᠢᠲᠠᠪᠤᠷᠢᠵᠢᠭᠤᠯᠤᠨ ᠬᠠᠳᠤᠨ ᠭᠤᠣᠯ ᠤᠨ ᠶᠡᠭᠡ ᠳᠤᠬᠤᠢ ᠶᠢᠨ ᠮᠤᠤᠠᠤᠰᠤ ᠶᠢᠨ | ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ︽ᠬᠥᠬᠡᠮᠳᠦᠭ ᠠᠭᠤᠯᠠ ᠴᠡᠩᠭᠡᠭ ᠤᠰᠤ ᠪᠣᠯ | ᠳᠠᠷᠤᠢ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠰᠠᠶᠢᠲᠤᠷ ᠠᠰᠢᠭᠯᠠᠨ ᠠᠵᠤ ᠦᠢᠯᠡᠰᠵᠢᠭᠰᠡᠨ ᠠᠮᠢ ᠠᠬᠤᠢ᠂ ᠠᠮᠢ ᠠᠬᠤᠢᠢᠴᠢᠯᠠᠭᠰᠠᠨ | ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠠᠮᠢ ᠠᠬᠤᠢ ᠰᠠᠶᠢᠵᠢᠷᠠᠭᠰᠠᠨ᠂ ᠠᠵᠤ ᠦᠢᠯᠡᠰ ᠬᠥᠭᠵᠢᠭᠰᠡᠨ᠂ ᠠᠷᠠᠳ ᠤᠯᠠᠨ ᠪᠠᠶᠠᠵᠢᠭᠰᠠᠨ | ᠣᠷᠭᠠᠨᠢᠭ ᠨᠢᠭᠡᠳᠦᠯ ᠢ ᠦᠨᠡᠨᠬᠦ ᠪᠡᠶᠡᠯᠡᠭᠦᠯᠬᠦ ᠬᠡᠷᠡᠭᠲᠡᠢ᠃ ︽ᠬᠠᠮᠤᠭ ᠤᠨ ᠴᠢᠩᠭ᠎ᠠ ᠲᠦᠷᠢᠮ ᠢᠶᠠᠷ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ︾ | ᠲᠦᠷᠢᠮ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠶᠢ ᠡᠷᠡᠰ ᠬᠤᠷᠢᠭᠯᠠᠬᠤ ᠠᠵᠢᠯ ᠢ ᠰᠠᠶᠢᠲᠤᠷ ᠬᠢᠵᠦ᠂ ᠪᠥᠬᠦ | ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ᠃ ︽ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ︾ ᠦᠨᠳᠦᠰᠦᠨ ᠪᠠᠲᠤᠯᠠᠭ᠎ᠠ ᠶᠢ ᠪᠠᠷᠢᠮᠲᠠᠯᠠᠵᠤ ᠠᠮᠢ ᠠᠬᠤᠢ ᠶᠢᠨ ᠬᠠᠮᠠᠭᠠᠯᠠᠯᠲᠠ ᠶᠢᠨ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠨ ᠬᠠᠷᠢᠭᠤᠴᠠᠯᠭ᠎ᠠ ᠪᠠᠨ ᠰᠠᠬᠢᠵᠦ᠂ ᠪᠠᠷᠢᠮᠲᠠᠯᠠᠵᠤ᠂ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | | ᠰᠤᠷᠪᠤᠯᠵᠢᠯᠠᠭᠴᠢ᠄ ᠷᠢᠸᠠᠳᠢ᠂ ᠾᠧ ᠵᠢᠢ ᠶᠦᠨ᠂ ᠯᠢ ᠶᠦᠨ |