ᠣᠶᠢᠷ᠎ᠠ ᠳᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠪᠦᠯᠬᠦᠮ ᠳᠠᠭᠠᠭᠤᠯᠤᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢᠳ ᠤᠨ ᠬᠤᠷᠠᠯ ᠤᠨ ᠭᠡᠰᠢᠭᠦᠨ᠂ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠬᠠᠮᠢᠶ᠎ᠠ ᠪᠥᠬᠦᠶ ᠠᠵᠢᠯ ᠲᠥᠷᠥᠯ᠂ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠂ ᠠᠵᠤ ᠠᠬᠤᠶᠢᠯᠠᠯ ᠵᠡᠷᠭᠡ ᠭᠠᠵᠠᠷ ᠢᠶᠠᠷ ᠬᠦᠷᠴᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠤᠮᠲᠠ ᠣᠷᠣᠰᠢᠵᠤ ᠪᠠᠶᠢᠭ᠎ᠠ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠲᠤᠰᠬᠠᠶ ᠬᠢᠨᠠᠨ ᠪᠠᠶᠢᠴᠠᠭᠠᠯᠲᠠ ᠬᠢᠵᠦ᠂ ᠪᠣᠳᠠᠲᠤ | ᠠᠵᠢᠯᠯᠠᠭ᠎ᠠ ᠪᠠᠷ ᠢᠶᠠᠨ ︽ᠬᠥᠬᠡᠮᠳᠦᠭ ᠠᠭᠤᠯᠠ ᠴᠡᠩᠭᠡᠭ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ | ᠦᠢᠯᠡᠳᠦᠯᠭᠡᠵᠢᠭᠦᠯᠦᠭᠰᠡᠨ ᠪᠠᠶᠢᠨ᠎ᠠ᠃ | | | | | | ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠭ ᠨᠣᠪᠰᠢ ᠪᠤᠯᠠᠬᠤ ᠲᠠᠯᠠᠪᠤᠷ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠤᠢ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ | ᠠᠬᠤᠢ ᠲᠠᠯᠠᠪᠠᠢ ᠵᠡᠷᠭᠡ ᠭᠤᠣᠯᠳᠠᠯᠭ᠎ᠠ ᠲᠠᠢ ᠣᠷᠣᠨ ᠢᠶᠠᠷ ᠬᠦᠷᠴᠦ ᠠᠬᠤᠢ ᠲᠠᠯᠠᠪᠠᠢ ᠳᠤ ᠬᠢᠨᠠᠨ ᠪᠠᠶᠢᠴᠠᠭᠠᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠯᠠᠪᠯᠠᠨ | ᠠᠰᠠᠭᠤᠬᠤ ᠪᠠᠷ ᠲᠠᠮᠵᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ ᠡᠯ᠎ᠡ ᠬᠦᠷᠢᠶ᠎ᠡ ᠴᠠᠷᠠᠭᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠰᠠᠭᠤᠳᠠᠯ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠰᠠᠬᠤ ᠠᠵᠢᠯ ᠢ ᠱᠠᠯᠠᠪᠳᠠᠭᠤᠯᠤᠨ ᠵᠢᠯᠣᠭᠤᠳᠪᠠ᠃ | | | | | | ᠬᠢᠨᠠᠨ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠬᠤ ᠳᠤ ᠪᠠᠨ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠤᠶᠢᠯᠠᠭᠠᠨ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠢ | ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠡᠳᠦᠷ ᠳᠤᠳᠤᠮ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ ᠤᠷᠳᠤ ᠬᠤᠭᠤᠴᠠᠭᠠᠨ ᠤ ᠲᠣᠭᠲᠠᠯᠴᠠᠭ᠎ᠠ ᠪᠠᠨ ᠲᠡᠭᠦᠯᠳᠡᠷᠵᠢᠭᠦᠯᠦᠨ ᠬᠠᠮᠢᠶᠠᠷᠤᠨ ᠡᠵᠡᠮᠳᠡᠬᠦ ᠡᠷᠴᠢᠮ ᠢᠶᠠᠨ ᠤᠯᠠᠮ | ᠴᠢᠩᠭᠠᠷᠠᠭᠤᠯᠵᠤ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠡᠯ᠎ᠡ | ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠤᠨ ᠬᠢᠨ ᠭᠤᠤᠯ ᠴᠣᠭᠴᠠ ᠶᠢᠨ ᠡᠭᠦᠷᠭᠡ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠠᠰᠠᠭᠤᠳᠠᠯ ᠢᠶᠠᠷ | ᠤᠳᠤᠷᠢᠳᠤᠮᠵᠢ ᠪᠤᠯᠭᠠᠨ᠂ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠴᠡᠭᠴᠡᠯᠡᠨ ᠵᠠᠰᠠᠬᠤ ᠡᠭᠦᠷᠭᠡ ᠶᠢ ᠴᠠᠭ ᠲᠤᠬᠠᠶ ᠳᠤᠨᠢ ᠴᠢᠨᠠᠷ ᠢ | ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ ᠬᠤᠰᠢᠭᠤ ᠤᠯᠤᠰ ᠲᠥᠷᠥ ᠶᠢᠨ ᠵᠥᠪᠯᠡᠯᠭᠡᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ ᠠᠩᠬᠠᠷᠴᠤ᠂ | ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ᠂ ᠰᠠᠨᠠᠯ ᠳᠤᠷᠠᠳᠤᠯᠭ᠎ᠠ ᠶᠢ ᠱᠠᠯᠠᠪᠳᠠᠭᠤᠯᠤᠨ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ | ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠᠨ ᠴᠢᠩᠭᠠᠳᠬᠠᠵᠤ ᠬᠠᠷᠢᠯᠴᠠᠭᠠᠨ ᠤ ᠳᠠᠪᠠᠭᠤᠯᠢᠭ ᠢᠶᠠᠨ ᠪᠠᠳᠠᠷᠠᠭᠤᠯᠤᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ ᠣᠯᠠᠨ ᠲᠦᠮᠡᠨ ᠢ ᠬᠥᠲᠥᠯᠦᠨ ᠵᠢᠯᠣᠭᠤᠳᠴᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠣᠶᠤᠨᠴᠢ ᠪᠠᠷ ᠬᠠᠨᠳᠤᠵᠤ᠂ | ᠰᠠᠶᠢᠨ ᠰᠠᠶᠢᠬᠠᠨ ᠨᠡᠶᠢᠭᠡᠮ ᠤᠨ ᠣᠷᠴᠢᠨ ᠢ ᠪᠣᠶ ᠪᠣᠯᠭᠠᠬᠤ ᠪᠠᠷ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠢᠳᠡᠪᠬᠢᠲᠡᠢ ᠪᠠᠷ ᠰᠠᠨᠠᠯ | ᠵᠥᠪᠯᠡᠯᠭᠡ ᠳᠤᠷᠠᠳᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠭᠦᠢᠴᠡᠳᠬᠡᠵᠦ ᠪᠣᠬᠢᠷᠲᠤᠯ ᠦᠭᠡᠢ ᠦᠦᠰᠢᠨ ᠢᠶᠠᠨ ᠪᠦᠳᠦᠭᠡᠨ | ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠵᠤ᠂ ᠦᠵᠡᠰᠬᠦᠯᠡᠩᠲᠦ ᠰᠠᠶᠢᠬᠠᠨ ᠠᠮᠢ ᠠᠬᠤᠢ ᠪᠠᠷ ᠦᠦᠰᠢᠨ ᠨᠤᠲᠤᠭ ᠢᠶᠠᠨ ᠴᠢᠮᠡᠭᠯᠡᠬᠦ ᠪᠠᠷ | ᠴᠢᠷᠮᠠᠶᠢᠬᠤ ᠪᠣᠯᠣᠨ᠎ᠠ᠃ | | | ᠰᠤᠷᠪᠤᠯᠵᠢᠯᠠᠭᠴᠢ᠄ ᠷᠢᠸᠠᠳᠢ᠂ ᠼᠣᠣ ᠵᠢᠩ᠂ ᠶᠠᠨ ᠸᠧᠢ |