ᠦᠤᠰᠢᠨᠵᠤᠤ ᠪᠠᠯᠭᠠᠰᠤ ᠮᠠᠯᠴᠢᠨ ᠲᠠᠷᠢᠶᠠᠴᠢᠳ ᠤᠨ ᠬᠠᠤᠯᠢ ᠶᠣᠰᠣᠭᠠᠷ ᠭᠠᠵᠠᠷ ᠬᠡᠷᠡᠭᠯᠡᠬᠦ ᠶᠢ ᠪᠠᠲᠤᠯᠠᠭ᠎ᠠ ᠲᠠᠢ ᠪᠣᠯᠭᠠᠵᠣ ᠪᠠᠶᠢᠨ᠎ᠠ
ᠨᠡᠶᠢᠲᠡᠯᠡᠭᠰᠡᠨ ᠴᠠᠭ᠄
2025/4/29
      ᠡᠨᠡ ᠵᠢᠯ ᠥᠦᠰᠢᠨᠵᠣᠣ ᠪᠠᠯᠭᠠᠰᠤ ᠬᠡᠮᠵᠢᠨ ᠵᠢᠷᠤᠬᠤ ᠠᠵᠢᠯᠲᠠᠳ ᠢᠶᠠᠷ ᠪᠦᠷᠢᠯᠳᠦᠭᠰᠡᠨ ︽ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠭᠠᠵᠠᠷ ᠪᠠ ᠲᠥᠭᠦᠭᠡᠷᠤᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠨᠤᠲᠤᠭ ᠪᠡᠯᠴᠢᠭᠡᠷ ᠤᠨ ᠬᠡᠮᠵᠢᠨ ᠵᠢᠷᠤᠭᠯᠠᠯᠲᠠ ᠶᠢᠨ ᠬᠥᠩᠭᠡᠨ ᠮᠣᠷᠢᠲᠤ ᠴᠡᠷᠢᠭ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠳ ᠲᠤ ᠣᠷᠣᠨ ᠰᠠᠭᠤᠴᠠ ᠶᠢᠨ ᠭᠠᠵᠠᠷ ᠪᠠ ᠲᠥᠭᠦᠭᠡᠷᠤᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠨᠠᠷᠢᠯᠢᠭ ᠤᠨᠤᠪᠴᠢᠳᠠᠢ ᠪᠠᠷ ᠬᠡᠮᠵᠢᠬᠦ ᠪᠠ ᠵᠠᠭᠠᠭᠯᠠᠨ ᠲᠣᠭᠲᠠᠭᠠᠬᠤ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠪᠠᠲᠣᠯᠠᠭᠰᠠᠨ ᠪᠠᠶᠢᠨ᠎ᠠ᠃       ᠣᠶᠢᠷ᠎ᠠ ᠶᠢᠨ ᠡᠳᠦᠷ᠂ ᠦᠦᠰᠢᠨᠵᠤᠤ ᠪᠠᠯᠭᠠᠰᠤᠨ ᠤ ᠮᠠᠯᠴᠢᠨ ᠡᠷᠳᠡᠨᠢᠳᠠᠯᠠᠢ ᠲᠥᠭᠦᠭᠡᠷᠤᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠦᠬᠡᠷ ᠤᠨ ᠰᠠᠷᠠᠪᠴᠢ ᠪᠠ ᠡᠪᠡᠰᠦᠨ ᠰᠠᠷᠠᠪᠴᠢ ᠶᠢ ᠥᠷᠭᠡᠳᠬᠡᠨ ᠪᠠᠶᠢᠭᠤᠯᠬᠤ ᠪᠠᠷ ᠲᠥᠯᠥᠪᠯᠡᠵᠦ᠂ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠭᠠᠵᠠᠷ ᠪᠠ ᠲᠥᠭᠦᠭᠡᠷᠤᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠡᠮᠵᠢᠨ ᠵᠢᠷᠤᠬᠤ ᠦᠢᠯᠡᠴᠢᠯᠡᠭᠡ ᠭᠤᠶᠤᠴᠢᠯᠠᠬᠤ ᠶᠢ ᠤᠷᠢᠳᠴᠢᠯᠠᠨ ᠪᠣᠯᠵᠣᠵᠠᠢ᠃ ᠦᠦᠰᠢᠨᠵᠤᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠣᠯᠣᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯᠲᠠᠳ ᠡᠭᠦᠷᠭᠡ ᠶᠢ ᠬᠦᠯᠢᠶᠡᠨ ᠠᠪᠤᠭᠰᠠᠨ ᠤ ᠳᠠᠷᠠᠭ᠎ᠠ ᠳᠠᠷᠤᠢ ᠲᠦᠷᠭᠡᠨ ᠲᠡᠳᠡᠨ ᠤ ᠭᠡᠷ ᠲᠤ ᠬᠦᠷᠴᠦ᠂ ᠲᠡᠭᠦᠨ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠲᠣᠭᠲᠠᠭᠠᠨ ᠥᠭᠴᠤ᠂ ᠪᠠᠶᠢᠷᠢᠰᠢᠯ ᠤᠨ ᠴᠡᠭ ᠢ ᠴᠤᠭᠯᠠᠭᠤᠯᠵᠤ ᠨᠠᠷᠢᠯᠢᠭ ᠣᠨᠣᠴᠠᠲᠠᠢ ᠪᠠᠷ ᠬᠡᠮᠵᠢᠨ ᠵᠢᠷᠤᠭᠯᠠᠭᠰᠠᠨ ᠤ ᠳᠠᠷᠠᠭ᠎ᠠ᠂ ᠠᠵᠢᠯᠲᠠᠳ ᠠᠴᠠ ᠪᠠᠶᠢᠷᠢᠰᠢᠯ ᠤᠨ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠡᠷᠳᠡᠨᠢᠳᠠᠯᠠᠢ ᠳᠠᠷᠤᠢ ᠬᠡᠪ ᠤᠨ ᠪᠠᠶᠢᠳᠠᠯ ᠢᠶᠠᠷ ᠥᠷᠭᠡᠳᠬᠡᠨ ᠪᠠᠶᠢᠭᠤᠯᠬᠤ ᠪᠠᠷ ᠪᠣᠯᠵᠠᠢ᠃      ᠥᠦᠰᠢᠨᠵᠣᠣ ᠪᠠᠯᠭᠠᠰᠤᠨ ᠤ ᠬᠡᠮᠵᠢᠨ ᠵᠢᠷᠤᠬᠤ ᠠᠵᠢᠯ ᠢ 4 ᠭᠥᠮᠤᠨ ᠬᠠᠷᠢᠭᠤᠴᠠᠵᠤ᠂ ᠬᠡᠮᠵᠢᠬᠦ ᠶᠠᠪᠤᠴᠠ ᠳᠤ ᠲᠡᠳᠡ ᠬᠡᠮᠵᠢᠭᠦᠷᠯᠢᠭ ᠢᠶᠠᠷ ᠳᠠᠬᠢᠨ ᠳᠠᠪᠲᠠᠨ ᠰᠢᠯᠭᠠᠵᠤ᠂ ᠲᠤᠭ᠎ᠠ ᠪᠠᠷᠢᠮᠲᠠ ᠨᠢᠭᠡᠪᠦᠷᠢ ᠶᠢ ᠣᠯᠠᠨ ᠤᠳᠠᠭ᠎ᠠ ᠬᠢᠨᠠᠨ ᠬᠠᠷᠭᠤᠭᠤᠯᠤᠭᠠᠳ ᠬᠢᠯᠢ ᠶᠢᠨ ᠵᠠᠭᠠᠭ ᠲᠤ ᠮᠠᠷᠭᠤᠯᠳᠤᠭᠠᠨ ᠲᠠᠢ ᠪᠠᠶᠢᠭ᠎ᠠ ᠭᠠᠵᠠᠷ ᠤᠨ ᠲᠤᠬᠠᠢ ᠮᠠᠯᠴᠢᠨ ᠲᠠᠷᠢᠶᠠᠴᠢᠨ ᠲᠠᠢ ᠬᠦᠯᠢᠴᠡᠩᠭᠦᠢ ᠪᠠᠷ ᠨᠡᠪᠲᠡᠷᠡᠯᠴᠡᠵᠦ᠂ ᠲᠤᠬᠠᠢ ᠶᠢᠨ ᠭᠠᠵᠠᠷ ᠤᠨ ᠪᠠᠶᠢᠳᠠᠯ ᠲᠠᠢ ᠪᠠᠨ ᠤᠶᠠᠯᠳᠤᠭᠤᠯᠤᠨ ᠲᠤᠰᠬᠠᠢ ᠮᠡᠷᠭᠡᠵᠢᠯ ᠤᠨ ᠮᠡᠳᠡᠯᠭᠡ ᠪᠠᠷ ᠢᠶᠠᠨ ᠲᠥᠪ ᠭᠤᠣᠯᠴᠢ᠂ ᠣᠨᠣᠪᠴᠢᠲᠠᠶ ᠰᠢᠢᠳᠪᠦᠷᠢᠯᠡᠬᠦ ᠲᠥᠰᠥᠯ ᠭᠠᠷᠭᠠᠵᠤ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠳᠤᠯᠠᠵᠤ ᠪᠠᠶᠢᠨ᠎ᠠ᠃       ᠦᠦᠰᠢᠨᠵᠤᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠣᠯᠣᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠢᠯᠲᠠᠨ ᠭᠡᠯᠡᠭᠦ ᠳᠤ ᠪᠠᠨ᠄ ︽ᠤᠳᠠᠭ᠎ᠠ ᠪᠦᠷᠢ ᠶᠢᠨ ᠬᠡᠮᠵᠢᠯᠲᠡ ᠠᠴᠠ ᠡᠮᠦᠨ᠎ᠡ ᠮᠠᠯᠴᠢᠨ ᠲᠠᠷᠢᠶᠠᠴᠢᠨ ᠳᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠪᠣᠯᠣᠨ ᠬᠢᠨᠠᠨ ᠵᠥᠪᠰᠢᠶᠡᠷᠡᠬᠦ ᠶᠠᠪᠤᠴᠠ ᠵᠡᠷᠭᠡ ᠶᠢ ᠲᠠᠶᠢᠯᠪᠤᠷᠢᠯᠠᠨ ᠥᠭᠴᠦ ᠮᠠᠯᠴᠢᠨ ᠲᠠᠷᠢᠶᠠᠴᠢᠨ ᠤ ᠭᠠᠵᠠᠷ ᠰᠢᠷᠣᠢ ᠶᠢᠨ ᠬᠡᠷᠡᠭᠯᠡᠯᠲᠡ ᠶᠢ ᠵᠢᠷᠤᠮᠵᠢᠭᠤᠯᠵᠤ ᠮᠠᠯᠴᠢᠨ ᠲᠠᠷᠢᠶᠠᠴᠢᠨ ᠤ ᠡᠳ᠋ ᠬᠥᠷᠥᠩᠭᠡ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ᠂ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠠᠤᠯᠢ ᠶᠣᠰᠣᠨ ᠤ ᠡᠮᠬᠢ ᠳᠢᠭᠯᠢᠮ ᠲᠠᠢ ᠪᠠᠶᠢᠬᠤ ᠶᠢ ᠪᠠᠳᠣᠯᠠᠬᠤ ᠪᠠᠷ ᠴᠢᠷᠮᠠᠶᠢᠵᠤ ᠪᠠᠶᠢᠨ᠎ᠠ︾ ᠭᠡᠯ᠎ᠠ᠃           ᠰᠤᠷᠪᠤᠯᠵᠢᠯᠠᠭᠴᠢ᠄ ᠲᠠᠨ᠎ᠠ᠂ ᠯᠢᠦ ᠷᠦᠢ ᠶᠢᠩ᠂ ᠯᠢ ᠶᠦᠨ᠂ ᠸᠠᠩ ᠴᠢ᠂ ᠴᠢᠦᠢ ᠴᠧᠨ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ