ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠠᠵᠢᠯ ᠤᠨ ᠨᠠᠷᠢᠯᠢᠭ ᠬᠠᠮᠢᠶᠠᠷᠤᠯᠲᠠ ᠶᠢ ᠠᠭᠢᠭᠤᠯᠤᠨ ᠬᠠᠷᠢᠶ᠎ᠠ ᠲᠣᠭᠤᠷᠢᠭ ᠤᠨ ᠦᠵᠡᠮᠵᠢ ᠶᠢᠨ ᠦᠷ᠎ᠡ | ᠪᠦᠲᠦᠮᠵᠢ ᠶᠢ ᠲᠡᠭᠡᠭᠰᠢᠯᠠᠭᠦᠯᠭᠦ ᠶᠢᠨ ᠲᠥᠯᠥᠭᠡ᠂ ᠣᠶᠢᠷ᠎ᠠ ᠶᠢᠨ ᠡᠳᠦᠷ᠂ ᠲᠤᠭ ᠪᠠᠯᠭᠠᠰᠤ ᠪᠠᠯᠭᠠᠰᠤᠨ ᠲᠣᠭᠤᠷᠢᠭ ᠤᠨ ᠠᠭᠤᠳᠠᠮ ᠲᠠᠯᠠᠪᠠᠶ᠂ ᠪᠦᠯᠬᠦᠮᠳᠡᠯ ᠵᠠᠮ᠂ | ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠵᠠᠭᠤᠨ ᠮᠧᠲᠷ ᠤᠨ ᠥᠷᠭᠡᠨ ᠵᠠᠮ ᠪᠣᠯᠤᠨ ᠠᠮᠠᠨᠴᠢᠷᠭ᠎ᠠ ᠠᠴᠠ ᠪᠠᠭ᠎ᠠ ᠬᠤᠭᠤᠯᠠᠶᠢᠲᠤ ᠭᠥᠷᠭᠦ | ᠱᠤᠭᠤᠮ ᠤᠨ ᠰᠠᠯᠠᠭ᠎ᠠ ᠵᠠᠮ ᠤᠨ ᠠᠭᠤᠯᠵᠠᠷ ᠵᠡᠷᠭᠡ ᠭᠤᠤᠯᠳᠠᠯᠭ᠎ᠠ ᠲᠠᠢ ᠵᠠᠮ ᠤᠨ ᠨᠣᠭᠤᠭᠠᠷᠠᠭᠤᠯᠤᠯᠲᠠ ᠶᠢᠨ ᠪᠦᠰᠡ ᠳᠤ 5000 ᠲᠡᠭᠰᠢ ᠳᠥᠷᠪᠡᠯᠵᠢᠨ ᠮᠧᠲᠷ | ᠪᠥᠭᠦᠢ ᠣᠷᠭᠠᠨᠢᠭ ᠪᠥᠷᠭᠦᠭᠦᠯ ᠪᠤᠳᠠᠰ ᠳᠡᠪᠢᠰᠴᠦ ᠠᠮᠢ ᠠᠬᠤᠶᠢᠴᠢᠯᠠᠭᠰᠠᠨ᠂ ᠨᠠᠩ ᠥᠩᠭᠡ ᠢᠯᠭᠠᠷᠠᠭᠰᠠᠨ ᠬᠤᠲᠠ ᠪᠠᠯᠭᠠᠰᠤᠨ ᠤ ᠭᠤᠶᠤ ᠦᠵᠡᠮᠵᠢ ᠶᠢ ᠪᠣᠶ | ᠪᠤᠯᠭᠠᠯ᠎ᠠ᠃ | ᠲᠤᠭ ᠪᠠᠯᠭᠠᠰᠤᠨ ᠤ ᠪᠠᠯᠭᠠᠰᠤᠨ ᠲᠣᠭᠤᠷᠢᠭ ᠤᠨ ᠨᠢᠭᠡ ᠴᠡᠴᠡᠷᠯᠢᠭ ᠲᠤ ᠠᠵᠢᠯᠴᠢᠳ ᠤᠭᠤᠳᠠ ᠤᠭᠤᠲᠠ ᠪᠣᠯᠪᠠᠰᠤᠷᠠᠭᠤᠯᠤᠭᠰᠠᠨ ᠣᠷᠭᠠᠨᠢᠭ | ᠪᠥᠷᠭᠦᠭᠦᠯ ᠪᠣᠳᠠᠰ ᠢ ᠲᠤᠭᠢᠷᠠᠮᠵᠢᠳᠠᠢ ᠪᠠᠷ ᠥᠩᠭᠡ ᠵᠤᠭᠢᠴᠠᠭᠤᠯᠤᠨ ᠴᠡᠴᠡᠷᠯᠢᠭ ᠤᠨ ᠬᠤᠭᠤᠰᠣᠨ ᠭᠠᠵᠠᠷ ᠳᠡᠭᠡᠷ᠎ᠡ ᠳᠡᠪᠢᠰᠴᠦ᠂ ᠴᠡᠴᠡᠷᠯᠢᠭ ᠤᠨ ᠲᠤᠳᠤᠷᠠᠭᠢ | ᠴᠡᠴᠡᠭ ᠡᠪᠡᠰᠦ ᠮᠣᠳᠣ ᠤᠯᠢᠶᠠᠰᠤ ᠪᠠᠷ ᠪᠦᠷᠬᠦᠵᠦ ᠳᠡᠶᠢᠯᠬᠦ ᠥᠬᠡᠶ ᠣᠷᠣᠨ ᠪᠦᠰᠡ ᠶᠢ ᠪᠦᠬᠦᠨ ᠢ ᠪᠦᠷᠬᠦᠵᠦ᠂ ᠣᠷᠴᠢᠨ ᠲᠣᠭᠤᠷᠢᠨ ᠢ ᠭᠤᠶᠣᠯᠠᠭᠰᠠᠨ | ᠮᠥᠷᠲᠡᠭᠡᠨ ᠪᠠᠰᠠ ᠲᠠᠷᠢᠶᠠᠯᠠᠩ ᠣᠶ ᠰᠢᠭᠤᠶ ᠶᠢᠨ ᠬᠠᠶᠠᠭᠳᠠᠮᠠᠯ ᠪᠣᠳᠠᠰ ᠢ ᠰᠠᠶᠢᠬᠠᠨ ᠠᠰᠢᠭᠯᠠᠭᠰᠠᠨ ᠪᠠᠶᠢᠨ᠎ᠠ᠃ | ᠡᠳᠡᠭᠡᠷ ᠣᠷᠭᠠᠨᠢᠭ ᠪᠥᠷᠭᠦᠭᠦᠯ ᠪᠣᠳᠠᠰ ᠢ ᠲᠤᠭ ᠪᠠᠯᠭᠠᠰᠤᠨ ᠤ ᠤᠯᠠᠭᠠᠠᠰᠢᠪᠠᠷᠳᠠᠢ ᠲᠣᠰᠬᠤᠨ ᠤ ᠮᠥᠭᠦᠯᠢᠭᠵᠢᠭᠦᠯᠭᠦ ᠦᠢᠯᠡᠳᠪᠦᠷᠢ ᠠᠴᠠ | ᠥᠢᠯᠡᠳᠪᠤᠷᠢᠯᠠᠵᠤ᠂ ᠡᠨᠡ ᠵᠢᠯ ᠲᠣᠰᠬᠤᠨ ᠤ ᠨᠠᠮ ᠤᠨ ᠶᠡᠷᠦᠩᠬᠡᠶ ᠡᠭᠦᠷ ᠤᠨ ᠬᠢᠨ ᠣᠯᠠᠨ ᠲᠠᠯ᠎ᠠ ᠪᠠᠷ ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠂ ᠤᠤᠯ ᠤᠨ | ᠠᠮᠢᠳᠤ ᠪᠣᠳᠠᠰ ᠤᠨ ᠰᠢᠲᠠᠯᠲᠠ ᠶᠢᠨ ᠮᠥᠬᠦᠯᠢᠭᠲᠦ ᠪᠦᠲᠦᠭᠡᠭᠳᠡᠬᠦᠨ ᠤ ᠦᠢᠯᠡᠳᠪᠦᠷᠢᠯᠡᠯ ᠤᠨ ᠱᠤᠭᠤᠮ ᠤᠨ ᠰᠠᠭᠤᠷᠢᠨ ᠳᠡᠭᠡᠷ᠎ᠡ᠂ ᠲᠥᠬᠦᠭᠡᠷᠦᠮᠵᠢ ᠬᠤᠳᠠᠯᠳᠤᠨ | ᠠᠪᠴᠤ ᠡᠷᠬᠢᠨ ᠲᠣᠭᠤᠷᠢᠨ ᠤ ᠭᠠᠵᠠᠷ ᠣᠷᠣᠨ ᠤ ᠮᠣᠳᠣ ᠪᠤᠷᠭᠠᠰᠤ ᠵᠡᠷᠭᠡ ᠲᠠᠷᠢᠶᠠᠯᠠᠩ ᠣᠶ ᠰᠢᠭᠤᠶ ᠶᠢᠨ ᠬᠠᠶᠠᠭᠳᠠᠮᠠᠯ ᠪᠣᠳᠠᠰ ᠢ ᠳᠠᠬᠢᠨ ᠡᠳ᠋ᠰᠢᠭᠦᠯᠦᠨ | ᠠᠰᠢᠭᠯᠠᠬᠤ ᠪᠠᠷ ᠳᠠᠮᠵᠢᠭᠤᠯᠤᠨ ᠬᠤᠲᠠ ᠶᠢᠨ ᠭᠤᠶᠤᠵᠢᠭᠤᠯᠤᠯᠳᠠ ᠳᠤ ᠭᠡᠷᠡᠭᠯᠡᠭᠦ ᠣᠷᠭᠠᠨᠢᠭ ᠪᠥᠷᠭᠦᠭᠦᠯ ᠪᠣᠳᠠᠰ ᠪᠤᠯᠭᠠᠨ ᠥᠢᠯᠡᠳᠪᠤᠷᠢᠯᠡᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠤᠰ ᠣᠷᠭᠠᠨᠢᠭ ᠪᠥᠷᠭᠦᠭᠦᠯ ᠪᠣᠳᠠᠰ ᠨᠢ ᠨᠢᠭᠡ ᠵᠦᠢᠯ ᠤᠨ ᠠᠮᠢ ᠠᠬᠤᠢ ᠶᠢᠨ ᠬᠡᠯᠪᠡᠷᠢ ᠶᠢᠨ ᠮᠠᠲ᠋ᠧᠷᠢᠶᠠᠯ ᠪᠠᠶᠢᠵᠤ | ᠬᠠᠶᠠᠭᠳᠠᠮᠠᠯ ᠪᠣᠳᠠᠰ ᠢᠶᠠᠷ ᠰᠢᠢᠳᠪᠤᠷᠢᠯᠠᠭᠦ ᠣᠷᠭᠠᠨᠢᠭ ᠪᠣᠳᠠᠰ ᠢ ᠲᠠᠬᠢᠨ ᠬᠤᠳᠠ ᠶᠢᠨ ᠭᠤᠶᠤᠵᠢᠭᠤᠯᠤᠯᠲᠠ ᠳᠤ ᠠᠰᠢᠭᠯᠠᠵᠤ᠂ ᠡᠬᠢ ᠪᠠᠶᠠᠯᠢᠭ ᠤᠨ ᠣᠷᠴᠢᠯ ᠤᠨ | ᠲᠠᠬᠢᠨ ᠰᠡᠷᠭᠦᠬᠦ ᠶᠢ ᠪᠠᠶᠠᠯᠡᠭᠦᠯᠥᠭᠰᠠᠨ ᠪᠠᠶᠢᠨ᠎ᠠ᠃ ᠣᠷᠭᠠᠨᠢᠭ ᠪᠥᠷᠭᠦᠭᠦᠯ ᠪᠣᠳᠠᠰ ᠨᠢ ᠭᠤᠶᠤᠵᠢᠭᠤᠯᠤᠯᠲᠠ ᠳᠤ ᠭᠡᠷᠡᠭᠯᠡᠭᠳᠡᠭᠦ ᠠᠴᠠ ᠭᠠᠳᠠᠨ᠎ᠠ ᠪᠠᠰᠠ ᠲᠣᠭᠤᠰᠣ | ᠳᠡᠭᠳᠡᠬᠦ ᠶᠢ ᠬᠤᠷᠢᠭᠯᠠᠨ ᠬᠥᠷᠥᠰᠥᠨ ᠤ ᠭᠠᠳᠠᠷᠭᠤ ᠶᠢᠨ ᠳᠤᠯᠠᠭᠠᠨ ᠢ ᠬᠠᠮᠠᠭᠠᠯᠠᠨ ᠡᠪᠡᠰᠦ ᠤᠷᠭᠤᠮᠠᠯ ᠤᠨ ᠤᠷᠭᠤᠯᠳᠠ ᠥᠰᠥᠯᠲᠡ ᠶᠢ ᠠᠭᠢᠭᠤᠯᠵᠤ ᠠᠷᠠᠴᠢᠯᠠᠨ | ᠬᠠᠮᠠᠭᠠᠯᠠᠬᠤ ᠬᠠᠮᠢᠶᠠᠷᠤᠯᠲᠠ ᠳᠤᠮᠳᠠᠬᠢ ᠡᠪᠡᠰᠦ ᠠᠷᠢᠯᠭᠠᠬᠤ ᠠᠵᠢᠯ ᠤᠨ ᠬᠡᠮᠵᠢᠶ᠎ᠡ ᠬᠢᠭᠡᠳ ᠥᠪᠡᠷ ᠤᠨ ᠥᠷᠲᠡᠭ ᠢ ᠪᠠᠭᠠᠰᠬᠠᠵᠤ ᠴᠢᠳᠠᠬᠤ ᠪᠤᠯᠤᠨ᠎ᠠ᠃ | | ᠰᠤᠷᠪᠤᠯᠵᠢᠯᠠᠭᠴᠢ᠄ ᠤᠶᠤᠨᠴᠢᠮᠡᠭ᠂ ᠪᠠᠶᠠᠠᠳᠠᠯᠠᠢ | | | | | | | | | | | | | | | | | |