ᠣᠶᠢᠷ᠎ᠠ ᠶᠢᠨ ᠵᠢᠯ ᠳᠤ᠂ ᠵᠥᠩ ᠲᠢᠶᠠᠨ ᠾᠧ ᠴᠤᠸᠠᠩ ᠡᠨᠧᠷᠬᠢ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠣᠬᠢᠷᠲᠤᠯ ᠥᠬᠡᠶ ᠬᠥᠭᠵᠢᠯᠲᠡ ᠶᠢᠨ | ᠣᠨᠣᠯᠵᠢᠬᠤᠨ ᠢ ᠢᠳᠡᠪᠬᠢᠲᠡᠶ ᠥᠢᠯᠡᠳᠤᠯᠭᠡᠵᠢᠭᠦᠯᠤᠨ ᠬᠠᠶᠠᠭᠳᠠᠮᠠᠯ ᠤᠰᠤ᠂ ᠬᠠᠶᠠᠭᠳᠠᠮᠠᠯ ᠬᠡᠶ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ | ᠴᠢᠩᠭ᠎ᠠ ᠠᠩᠬᠠᠷᠴᠤ ᠨᠢᠭᠡ ᠪᠦᠯᠦᠭ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠥᠲᠥᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ ︽ | ᠭᠤᠷᠪᠠᠨ ᠬᠠᠶᠠᠭᠳᠠᠮᠠᠯ︾ ᠢ ᠵᠤᠭᠢᠰᠳᠠᠢ ᠰᠢᠢᠳᠪᠤᠷᠢᠯᠠᠭᠦ ᠶᠢ ᠪᠡᠶᠡᠯᠡᠭᠦᠯᠵᠦ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠣᠬᠢᠷᠲᠤᠯ ᠥᠬᠡᠶ ᠲᠤᠤᠷ᠎ᠠ | ᠨᠡᠭᠦᠷᠡᠰᠦᠲᠥ᠋ᠷᠥᠭᠴᠢᠲᠤ ᠬᠡᠯᠪᠡᠷᠢ ᠪᠠᠨ ᠬᠤᠪᠢᠷᠠᠭᠤᠯᠬᠤ ᠭᠥᠭᠵᠢᠯᠳᠠ ᠶᠢ ᠠᠭᠢᠭᠤᠯᠵᠤ ᠪᠠᠶᠢᠨ᠎ᠠ᠃ | ᠵᠦᠩ ᠲᠢᠶᠠᠨ ᠾᠧ ᠴᠤᠸᠠᠩ ᠡᠨᠧᠷᠬᠢ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠴᠢᠨᠠᠷ ᠢᠯᠭᠠᠨ ᠲᠠᠪᠤᠰᠤ ᠥᠢᠯᠡᠳᠪᠤᠷᠢᠯᠠᠭᠦ ᠶᠢ | ᠲᠤᠭᠢᠷᠠᠭᠤᠯᠬᠤ ᠭᠠᠵᠠᠷ ᠲᠤ ᠠᠵᠢᠯᠳᠠᠳ ᠾᠯᠣᠷᠲᠤ ᠨᠠᠲᠷᠢ᠂ ᠬᠦᠬᠦᠷ ᠬᠦᠴᠢᠯ ᠤᠨ ᠨᠠᠲᠷᠢ ᠶᠢ ᠳᠦᠭᠦᠷᠭᠡᠭᠰᠡᠨ ᠤᠭᠤᠲᠠ ᠶᠢ ᠲᠡᠷᠭᠡ ᠪᠠᠷ ᠰᠠᠪᠠᠯᠠᠨ | ᠦᠢᠯᠡᠳᠪᠦᠷᠢ ᠠᠴᠠ ᠭᠠᠷᠭᠠᠵᠤ᠂ ᠴᠢᠨᠠᠷ ᠬᠤᠪᠢᠶᠠᠨ ᠳᠠᠪᠤᠰᠤ ᠥᠢᠯᠡᠳᠪᠤᠷᠢᠯᠠᠭᠦ ᠲᠠᠰᠤᠭ ᠲᠤ ᠾᠯᠣᠷᠲᠤ ᠨᠠᠲᠷᠢ ᠶᠢᠨ ᠭᠦᠶᠦᠳᠡᠯᠲᠦ ᠰᠠᠤᠷᠢ ᠮᠠᠰᠢᠨ᠂ | ᠲᠣᠭᠤᠰᠣ ᠠᠷᠢᠯᠭᠠᠬᠤ ᠮᠠᠰᠢᠨ᠂ ᠾᠯᠣᠷᠲᠤ ᠨᠠᠲᠷᠢ ᠶᠢᠨ ᠮᠠᠲ᠋ᠧᠷᠢᠶᠠᠯ ᠭᠠᠷᠭᠠᠬᠤ ᠱᠤᠷᠠᠭ ᠵᠡᠷᠭᠡ ᠣᠳᠣᠬᠢᠴᠢᠯᠠᠭᠰᠠᠨ ᠲᠥᠬᠦᠭᠡᠷᠦᠮᠵᠢ ᠬᠠᠮᠵᠢᠯᠴᠠᠨ ᠡᠳᠦᠷ | ᠪᠦᠷᠢ 2520 ᠪᠣᠰᠤᠭ᠎ᠠ ᠳᠥᠷᠪᠡᠯᠵᠢᠨ ᠮᠧᠲᠷ ᠳᠠᠪᠤᠰᠤ ᠥᠨᠳᠤᠷ ᠠᠭᠤᠯᠤᠭᠰᠠᠨ ᠤᠰᠤ ᠶᠢ ᠰᠢᠢᠳᠪᠦᠷᠢᠯᠡᠵᠦ᠂ ᠪᠤᠵᠠᠷ ᠤᠰᠤ ᠶᠢ ᠡᠭᠡᠭᠦᠯᠦᠨ ᠬᠤᠷᠢᠶᠠᠵᠤ | ᠳᠠᠬᠢᠨ ᠠᠰᠢᠭᠯᠠᠬᠤ ᠶᠢ ᠪᠠᠶᠠᠯᠠᠭᠦᠯᠵᠤ ᠪᠠᠶᠢᠨ᠎ᠠ᠃ 2023 ᠣᠨ ᠳᠤ᠂ ᠵᠥᠩ ᠲᠢᠶᠠᠨ ᠾᠧ ᠴᠤᠸᠠᠩ ᠡᠨᠧᠷᠬᠢ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ 1.5 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ ᠴᠢᠨᠠᠷ ᠢᠯᠭᠠᠨ ᠳᠠᠪᠤᠰᠤ ᠥᠢᠯᠡᠳᠪᠤᠷᠢᠯᠠᠭᠦ ᠲᠥᠷᠥᠯ ᠵᠦᠢᠯ ᠢ ᠪᠥᠲᠥᠭᠡᠨ ᠪᠠᠶᠢᠭᠤᠯᠵᠤ | ᠳᠠᠪᠤᠰᠤ ᠥᠨᠳᠤᠷ ᠠᠭᠤᠯᠤᠭᠰᠠᠨ ᠬᠠᠶᠠᠭᠳᠠᠮᠠᠯ ᠤᠰᠤᠨ ᠤ ᠲᠤᠳᠤᠷᠠᠭᠢ ᠾᠯᠣᠷᠲᠤ ᠨᠠᠲᠷᠢ ᠪᠠ ᠬᠦᠬᠦᠷ ᠬᠦᠴᠢᠯ ᠤᠨ ᠨᠠᠲᠷᠢ ᠶᠢᠨ ᠴᠢᠨᠠᠷ ᠢᠯᠭᠠᠨ ᠲᠠᠯᠠᠰᠵᠢᠬᠤ | ᠶᠢ ᠪᠡᠶᠡᠯᠡᠭᠦᠯᠦᠭᠰᠡᠨ ᠪᠠᠶᠢᠨ᠎ᠠ᠃ ᠴᠢᠨᠠᠷ ᠢᠯᠭᠠᠨ ᠳᠠᠪᠤᠰᠤ ᠬᠤᠪᠢᠶᠠᠬᠤ ᠨᠢ ᠪᠠᠰᠠ ᠳᠠᠪᠤᠰᠤ ᠬᠤᠯᠢᠭᠰᠠᠨ ᠠᠴᠠ ᠪᠤᠯᠤᠭᠰᠠᠨ ᠠᠶᠤᠯᠲᠠᠶ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠠᠰᠠᠭᠤᠳᠠᠯ ᠠᠴᠠ ᠵᠠᠶᠢᠯᠠᠰᠬᠢᠵᠦ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠠᠷᠤᠳᠠᠯ ᠢ ᠠᠷᠪᠢᠯᠠᠬᠤ ᠶᠢᠨ ᠬᠠᠮᠲᠤ ᠶᠡᠭᠡ ᠬᠡᠮᠵᠢᠶᠡᠨ ᠤ | ᠪᠤᠵᠠᠷ ᠤᠰᠤ ᠬᠠᠶᠠᠭᠳᠠᠮᠠᠯ ᠤᠰᠤ ᠶᠢ ᠬᠤᠷᠢᠶᠠᠨ ᠠᠪᠴᠤ ᠰᠢᠨ᠎ᠡ ᠰᠣᠷᠭᠤᠭ ᠤᠰᠤᠨ ᠤ ᠬᠤᠷᠣᠭᠳᠠᠯ ᠢ ᠪᠠᠭᠠᠰᠬᠠᠨ ᠤᠰᠤ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠶᠢ ᠪᠠᠶᠠᠯᠡᠭᠦᠯᠥᠭᠰᠠᠨ ᠪᠠᠶᠢᠨ᠎ᠠ᠃ | ᠵᠥᠩ ᠲᠢᠶᠠᠨ ᠾᠧ ᠴᠤᠸᠠᠩ ᠡᠨᠧᠷᠬᠢ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ | ᠺᠣᠮᠫᠠᠨᠢ ᠶᠢᠨ ᠤᠰᠤᠨ ᠤ ᠶᠠᠪᠤᠳᠠᠯ ᠤᠨ ᠬᠡᠯᠲᠡᠰ ᠤᠨ ᠬᠠᠷᠢᠭᠤᠴᠠᠯᠭᠠᠲᠠᠨ ᠭᠡᠯᠡᠭᠦ ᠳᠤ ᠪᠠᠨ᠄ ︽ᠲᠣᠰ ᠲᠥᠷᠥᠯ ᠵᠦᠢᠯ 2023 ᠣᠨ ᠤ 12 ᠰᠠᠷ᠎ᠠ ᠶᠢᠨ | 29 ᠤ ᠡᠳᠦᠷ ᠠᠮᠵᠢᠯᠲᠠ ᠲᠠᠢ ᠪᠠᠷ ᠠᠰᠢᠭᠯᠠᠯᠲᠠ ᠳᠤ ᠤᠷᠤᠵᠤ᠂ ᠣᠳᠣᠬᠠᠨ ᠳᠤ ᠨᠢᠭᠡᠨᠲᠡ 3 ᠲᠦᠮᠡᠨ ᠲᠣᠨ ᠳᠠᠪᠤᠰᠤ ᠥᠨᠳᠤᠷ ᠠᠭᠤᠯᠤᠭᠰᠠᠨ ᠤᠰᠤ ᠶᠢ | ᠡᠭᠡᠭᠦᠯᠦᠨ ᠬᠤᠷᠢᠶᠠᠵᠤ ᠰᠢᠢᠳᠪᠦᠷᠢᠯᠡᠨ ᠠᠶᠤᠯᠲᠠᠶ ᠬᠠᠶᠠᠭᠳᠠᠮᠠᠯ ᠪᠣᠳᠠᠰ ᠤᠨ ᠭᠠᠷᠤᠯᠲᠠ ᠶᠢ 2 ᠲᠦᠮᠡᠨ ᠲᠣᠨ ᠪᠠᠭᠠᠰᠬᠠᠵᠤ᠂ 3000 ᠲᠦᠮᠡᠨ ᠲᠥᠭᠦᠷᠢᠭ | ᠤᠨ ᠦᠷ᠎ᠡ ᠠᠰᠢᠭ ᠢ ᠨᠡᠮᠡᠭᠳᠡᠭᠦᠯᠵᠦ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ᠂ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠵᠤ ᠴᠢᠳᠠᠭᠰᠠᠨ ᠪᠠᠶᠢᠨ᠎ᠠ︾ ᠭᠡᠯ᠎ᠠ᠃ | ᠵᠦᠩ ᠲᠢᠶᠠᠨ ᠾᠧ ᠴᠤᠸᠠᠩ ᠺᠤᠮᠫᠠᠨᠢ ᠳᠤ᠂ ᠬᠠᠶᠠᠭᠳᠠᠮᠠᠯ ᠤᠰᠤ ᠶᠢ ᠡᠭᠡᠭᠦᠯᠦᠨ ᠬᠤᠷᠢᠶᠠᠵᠤ ᠲᠠᠬᠢᠨ ᠠᠰᠢᠭᠯᠠᠬᠤ ᠠᠴᠠ ᠭᠠᠳᠠᠨ᠎ᠠ ᠬᠠᠶᠠᠭᠳᠠᠮᠠᠯ ᠬᠡᠢ᠂ | ᠬᠠᠶᠠᠭᠳᠠᠮᠠᠯ ᠰᠢᠭᠠᠷᠤ ᠶᠢ ᠴᠤ ᠰᠢᠨ᠎ᠡ ᠬᠡᠷᠡᠭᠴᠡᠭᠡ ᠲᠠᠢ ᠪᠤᠯᠭᠠᠵᠤ ᠪᠠᠶᠢᠨ᠎ᠠ᠃ ᠲᠣᠰ ᠺᠣᠮᠫᠠᠨᠢ ᠶᠢᠨ ᠪᠡᠯᠡ ᠣᠷᠣᠭᠤᠯᠵᠤ ᠪᠥᠳᠥᠭᠡᠨ ᠪᠠᠶᠢᠭᠤᠯᠤᠭᠰᠠᠨ ᠥᠨᠳᠥᠷ | ᠲᠠᠷᠤᠯᠳᠠᠳᠤ ᠠᠭᠤᠷ ᠢ ᠡᠭᠡᠭᠦᠯᠦᠨ ᠬᠤᠷᠢᠶᠠᠬᠤ ᠲᠥᠬᠦᠭᠡᠷᠦᠮᠵᠢ ᠨᠢ ᠪᠤᠵᠠᠷ ᠤᠰᠤ ᠶᠢ ᠰᠢᠢᠳᠪᠦᠷᠢᠯᠡᠬᠦ ᠰᠢᠰᠲ᠋ᠧᠮ ᠠᠴᠠ ᠡᠭᠦᠰᠦᠭᠰᠡᠨ ᠥᠨᠳᠥᠷ ᠲᠠᠷᠤᠯᠳᠠᠳᠤ | ᠠᠭᠤᠷ ᠢ ᠡᠭᠡᠭᠦᠯᠤᠨ ᠠᠪᠴᠤ ᠮᠧᠲ᠋ᠢᠯ ᠠᠯᠺᠣᠤᠯ ᠤᠨ ᠨᠡᠶᠢᠯᠡᠮᠡᠯ ᠲᠥᠬᠦᠭᠡᠷᠦᠮᠵᠢ ᠳᠤ ᠭᠥᠷᠭᠡᠨ ᠬᠢᠷᠢ ᠲᠡᠩᠴᠡᠭᠰᠡᠨ ᠮᠧᠲ᠋ᠢᠯ ᠠᠯᠺᠣᠤᠯ ᠥᠢᠯᠡᠳᠪᠤᠷᠢᠯᠠᠨ ᠥᠨᠳᠥᠷ | ᠲᠠᠷᠤᠯᠳᠠᠳᠤ ᠠᠭᠤᠷ ᠤᠨ ᠡᠨᠧᠷᠭᠢ ᠪᠦᠷᠢᠯᠭᠡᠨ ᠰᠦᠢᠳᠬᠡᠬᠦ ᠠᠴᠠ ᠵᠠᠶᠢᠯᠠᠰᠬᠢᠵᠠᠢ᠃ ᠵᠦᠩ ᠲᠢᠶᠠᠨ ᠾᠧ ᠴᠤᠸᠠᠩ ᠡᠨᠧᠷᠬᠢ ᠶᠢᠨ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠨᠢ ᠪᠠᠰᠠ ᠨᠡᠭᠦᠷᠡᠰᠦᠨ ᠰᠢᠪᠠᠷ᠂ ᠨᠠᠷᠢᠨ ᠰᠢᠭᠠᠷᠤ ᠶᠢ ᠲᠦᠯᠡᠰᠢ ᠲᠠᠢ ᠨᠡᠭᠦᠷᠡᠰᠦ ᠶᠢᠨ ᠬᠠᠷᠢᠴᠠᠯ ᠢᠶᠠᠷ ᠬᠤᠯᠢᠵᠤ᠂ ᠢᠯᠴᠢ | ᠴᠠᠬᠢᠯᠭᠠᠨ ᠤ ᠭᠦᠸᠧᠯᠦ ᠶᠢᠨ ᠲᠣᠨᠣᠭᠯᠠᠯ ᠳᠤ ᠬᠦᠷᠭᠡᠵᠦ᠂ ᠢᠯᠴᠢ ᠶᠢᠨ ᠬᠡᠮᠵᠢᠭᠳᠡᠯ ᠢ ᠭᠦᠢᠴᠡᠳ ᠠᠰᠢᠭᠯᠠᠨ ᠴᠠᠬᠢᠯᠭᠠᠨ ᠭᠠᠷᠭᠠᠳᠠᠭ ᠪᠠᠶᠢᠨ᠎ᠠ᠃ | ᠵᠦᠩ ᠲᠢᠶᠠᠨ ᠾᠧ ᠴᠤᠸᠠᠩ ᠡᠨᠧᠷᠬᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠰᠠ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ | ᠶᠠᠪᠤᠴᠠ ᠳᠠᠬᠢ ᠡᠨᠧᠷᠭᠢ ᠬᠤᠷᠢᠶᠠᠨ ᠠᠪᠬᠤ ᠶᠢ ᠠᠩᠬᠠᠷᠤᠨ᠂ 2022 ᠣᠨ ᠳᠤ᠂ 7700 ᠲᠦᠮᠡᠨ ᠲᠥᠭᠦᠷᠢᠭ ᠤᠨ ᠪᠡᠯᠡ ᠣᠷᠣᠭᠤᠯᠵᠤ ᠦᠯᠡᠳᠡᠭᠳᠡᠯ | ᠢᠯᠴᠢ ᠶᠢᠨ ᠠᠭᠤᠷ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ ᠪᠦᠳᠦᠭᠡᠨ ᠪᠠᠶᠢᠭᠤᠯᠵᠤ ᠬᠢᠮᠢ ᠶᠢᠨ ᠠᠵᠤ ᠦᠢᠯᠡᠳᠪᠦᠷᠢ ᠶᠢᠨ ᠲᠤᠨᠤᠭ ᠲᠥᠬᠦᠭᠡᠷᠦᠮᠵᠢ ᠶᠢ | ᠥᠢᠯᠡᠳᠪᠤᠷᠢᠯᠠᠭᠦ ᠶᠠᠪᠤᠴᠠ ᠳᠤ ᠪᠤᠢ ᠪᠣᠯᠤᠭᠰᠠᠨ ᠢᠯᠡᠭᠦᠴᠡ ᠳᠤᠮᠳᠠ ᠳᠣᠣᠷ᠎ᠠ ᠲᠠᠷᠤᠯᠳᠠᠳᠤ ᠠᠭᠤᠷ ᠢᠶᠠᠷ ᠴᠠᠬᠢᠯᠭᠠᠨ ᠭᠠᠷᠭᠠᠵᠤ ᠡᠭᠢᠯᠠᠪᠠ᠃ ᠲᠣᠰ ᠲᠥᠷᠥᠯ | ᠵᠥᠢᠯ ᠨᠢ 2022 ᠣᠨ ᠤ 7 ᠰᠠᠷ᠎ᠠ ᠶᠢᠨ 1 ᠤ ᠡᠳᠦᠷ ᠥᠢᠯᠡᠳᠪᠤᠷᠢᠯᠠᠯ ᠢᠶᠠᠨ ᠡᠭᠢᠯᠠᠭᠦᠯᠵᠤ᠂ ᠣᠲᠣ ᠪᠣᠯᠲᠠᠯ᠎ᠠ᠂ 140.58 ᠲᠦᠮᠡᠨ ᠲᠣᠨ ᠠᠭᠤᠷ ᠢ | ᠬᠤᠷᠢᠶᠠᠨ ᠠᠪᠴᠤ᠂ 8665 ᠲᠦᠮᠡᠨ ᠲᠥᠭᠦᠷᠢᠭ ᠤᠨ ᠴᠠᠬᠢᠯᠭᠠᠨ ᠭᠠᠷᠭᠠᠬᠤ ᠂ 2811 ᠲᠦᠮᠡᠨ ᠲᠥᠭᠦᠷᠢᠭ ᠤᠨ ᠤᠰᠤ ᠠᠷᠪᠢᠯᠠᠬᠤ ᠦᠷ᠎ᠡ ᠪᠦᠲᠦᠮᠵᠢ | ᠶᠢ ᠣᠯᠵᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠦᠷ᠎ᠡ ᠠᠰᠢᠭ ᠢ ᠢᠯᠡᠳᠲᠡ ᠨᠡᠮᠡᠭᠳᠡᠭᠦᠯᠥᠭᠰᠠᠨ ᠪᠠᠶᠢᠨ᠎ᠠ᠃ | | ᠰᠤᠷᠪᠤᠯᠵᠢᠯᠠᠭᠴᠢ᠄ ᠤᠶᠤᠨᠴᠢᠮᠡᠭ᠂ ᠪᠠᠶᠠᠠᠳᠠᠯᠠᠢ | |