4 ᠰᠠᠷ᠎ᠠ ᠶᠢᠨ 1 ᠤ ᠡᠳᠦᠷ᠂ ᠸᠠᠩ ᠰᠢᠤᠸᠠᠢ ᠹᠧᠩ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠤ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠴᠡᠭᠴᠡᠯᠡᠬᠦ ᠠᠵᠢᠯ ᠳᠤ | ᠪᠠᠶᠢᠴᠠᠭᠠᠨ ᠵᠢᠯᠤᠭᠤᠳᠤᠯᠭ᠎ᠠ ᠬᠢᠭᠰᠡᠨ ᠪᠠᠶᠢᠨ᠎ᠠ᠃ | | | | | | ᠸᠠᠩ ᠰᠢᠤᠸᠠᠢ ᠹᠧᠩ ᠲᠣᠰ ᠲᠣᠰ ᠡᠯ᠎ᠡ ᠪᠠᠶᠢᠭᠤᠯᠭ᠎ᠠ ᠨᠢᠭᠡᠴᠢ ᠶᠢᠨ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠴᠡᠭᠴᠡᠯᠡᠬᠦ | ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠬᠤᠶᠢᠰᠢᠳᠠ ᠶᠢᠨ ᠠᠵᠢᠯ ᠳᠤ ᠪᠠᠶᠢᠷᠢᠯᠠᠭᠤᠯᠤᠯᠳᠠ ᠲᠤᠬᠢᠷᠠᠭᠤᠯᠤᠯᠳᠠ | ᠬᠢᠭᠰᠡᠨ ᠪᠠᠶᠢᠨ᠎ᠠ᠃ | ᠸᠠᠩ ᠰᠢᠤᠸᠠᠢ ᠹᠧᠩ ᠶᠠᠷᠢᠬᠤ ᠳᠠᠭᠠᠨ᠂ ᠤᠳᠤᠬᠠᠨ ᠳᠤ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠬᠠᠤᠯᠢ ᠴᠠᠭᠠᠵᠠ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠶᠠᠭ ᠡᠷᠴᠢᠮᠲᠠᠢ ᠶᠠᠪᠤᠭᠳᠠᠵᠤ ᠪᠣᠶ᠃ ᠡᠯ᠎ᠡ ᠱᠠᠲᠤᠨ ᠤ ᠣᠶ ᠰᠢᠭᠤᠶ ᠶᠢᠨ | ᠳᠠᠷᠤᠭ᠎ᠠ ᠪᠣᠯᠤᠨ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ | ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠭᠦᠢᠴᠡᠳᠬᠡᠨ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠣᠪᠣᠷ᠂ ᠲᠤᠯᠭᠠᠮ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠣᠶ ᠰᠢᠭᠤᠶ | ᠨᠤᠲᠤᠭ ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠶᠢ ᠲᠣᠪᠤᠶᠢᠮ᠎ᠠ ᠪᠠᠶᠢᠷᠢᠨ ᠳᠤ ᠲᠠᠯᠪᠢᠵᠤ ᠰᠠᠬᠢᠯᠭ᠎ᠠ ᠪᠠᠲᠤ ᠪᠠᠶᠢᠴᠠᠭᠠᠬᠤ᠂ | ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ | ᠪᠤᠯᠤᠨ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠰᠠᠯᠠᠭ᠎ᠠ ᠮᠥᠴᠢᠷ ᠨᠢ ᠬᠤᠯᠪᠣᠭᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠬᠦ | ᠲᠣᠭᠲᠠᠯᠴᠠᠭ᠎ᠠ ᠶᠢ ᠪᠠᠶᠢᠭᠤᠯᠤᠨ ᠰᠢᠨ᠎ᠡ ᠪᠠᠷ ᠢᠯᠡᠷᠡᠭᠦᠯᠦᠭᠰᠡᠨ ᠠᠰᠠᠭᠤᠳᠠᠯ ᠳᠤ ᠬᠠᠤᠯᠢ ᠶᠣᠰᠣᠭᠠᠷ ᠴᠣᠬᠢᠯᠲᠠ ᠥᠭᠴᠦ ᠢᠯᠠᠩᠭᠤᠶ᠎ᠠ ᠣᠶ ᠰᠢᠭᠤᠶ ᠨᠤᠲᠤᠭ | ᠪᠡᠯᠴᠢᠭᠡᠷ ᠢ ᠶᠡᠭᠡ ᠬᠡᠪᠴᠢᠶ᠎ᠡ ᠪᠠᠷ ᠪᠤᠶᠤ ᠭᠦᠨᠳᠦ ᠨᠣᠴᠢᠲᠠᠢ ᠡᠪᠳᠡᠭᠰᠡᠳ᠂ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠳᠤ ᠳᠠᠬᠢᠨ ᠲᠠᠪᠲᠠᠨ | ᠤᠷᠤᠯᠴᠠᠭᠰᠠᠳ ᠢ ᠬᠦᠨᠳᠦ ᠪᠠᠷ ᠵᠠᠯᠬᠠᠭᠠᠨ ᠰᠢᠳᠬᠡᠵᠦ᠂ ᠡᠯ᠎ᠡ ᠵᠦᠢᠯ ᠤᠨ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠳᠤ ᠬᠦᠴᠦᠲᠡᠶ | ᠴᠣᠬᠢᠯᠲᠠ ᠥᠭᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠬᠤ ᠬᠠᠤᠯᠢ ᠠᠴᠠ ᠵᠦᠷᠢᠴᠡᠵᠦ ᠭᠠᠵᠠᠷ ᠰᠢᠷᠤᠢ ᠶᠢ ᠳᠤᠷ᠎ᠠ ᠪᠠᠷ ᠠᠰᠢᠭᠯᠠᠭᠰᠠᠨ | ᠡᠯ᠎ᠡ ᠵᠦᠢᠯ ᠤᠨ ᠦᠢᠯᠡ ᠠᠵᠢᠯᠯᠠᠭ᠎ᠠ ᠶᠢ ᠨᠠᠷᠢᠨ ᠪᠠᠶᠢᠴᠠᠭᠠᠨ ︽ᠬᠦᠮᠦᠨ ᠲᠣᠮᠢᠯᠠᠨ ᠪᠠᠶᠢᠴᠠᠭᠠᠨ ᠰᠡᠷᠭᠡᠶᠢᠯᠡᠬᠦ + ᠮᠡᠷᠭᠡᠵᠢᠯ ᠢᠶᠠᠷ ᠰᠡᠷᠭᠡᠶᠢᠯᠡᠬᠦ︾ ︽ | ᠣᠯᠠᠨ ᠢᠶᠠᠷ ᠢᠶᠠᠨ ᠰᠡᠷᠭᠡᠶᠢᠯᠡᠬᠦ + ᠣᠯᠠᠨ ᠢᠶᠠᠷ ᠢᠶᠠᠨ ᠵᠠᠰᠠᠬᠤ︾ ᠵᠡᠷᠭᠡ ᠠᠷᠭ᠎ᠠ ᠪᠠᠷᠢᠯ ᠢᠶᠠᠷ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ | ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭ ᠢᠶᠠᠷ ᠴᠡᠭᠡᠷᠯᠡᠯ ᠪᠣᠯᠭᠠᠵᠤ᠂ | ᠬᠡᠷᠡᠭ ᠢᠶᠠᠷ ᠰᠡᠷᠡᠮᠵᠢᠯᠡᠭᠦᠯᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠵᠢᠴᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ | ᠬᠠᠮᠠᠭᠠᠯᠠᠬᠤ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠣᠶ ᠰᠢᠭᠤᠶ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠥᠬᠦᠶ | ᠪᠠᠶᠢᠭᠤᠯᠭ᠎ᠠ ᠨᠢᠭᠡᠴᠢ ᠶᠢᠨ ᠬᠢᠨ ᠪᠦᠬᠦᠯᠢ ᠴᠤᠭᠴᠠ ᠶᠢᠨ ᠦᠵᠡᠯ ᠰᠠᠨᠠᠭ᠎ᠠ ᠶᠢ ᠪᠦᠷᠢᠯᠳᠦᠭᠦᠯᠦᠨ ᠮᠡᠳᠡᠭᠡ ᠵᠠᠩᠭᠢ ᠶᠢᠨ ᠰᠣᠯᠢᠯᠴᠠᠭ᠎ᠠ ᠶᠢ ᠠᠰᠢᠭᠯᠠᠵᠤ᠂ | ᠬᠤᠯᠪᠣᠭᠠᠯᠠᠨ ᠬᠥᠳᠡᠯᠦᠯᠴᠡᠬᠦ ᠠᠵᠢᠯ ᠢ ᠰᠠᠶᠢᠲᠤᠷ ᠲᠤᠬᠢᠷᠠᠭᠤᠯᠤᠨ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠴᠡᠭᠴᠡᠯᠡᠬᠦ ︽ᠶᠡᠷᠦᠩᠬᠡᠶ | ᠳᠠᠶᠢᠯᠠᠯᠳᠤᠭᠠᠨ︾ ᠢ ᠦᠨᠡᠨᠬᠦ ᠡᠷᠡᠰ ᠰᠠᠶᠢᠲᠤᠷ ᠬᠢᠬᠦ ᠬᠡᠷᠡᠭᠲᠡᠶ ᠭᠡᠰᠡᠨ ᠪᠠᠶᠢᠨ᠎ᠠ᠃ | ᠬᠤᠰᠢᠭᠤ ᠤᠳᠤᠷᠢᠳᠤᠯᠭ᠎ᠠ ᠬᠠᠨ ᠹᠸᠢ᠂ ᠺᠠᠩ ᠷᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | ᠰᠣᠷᠪᠣᠯᠵᠢᠯᠠᠭᠴᠢ᠄ ᠬᠠᠰᠰᠡᠴᠡᠨ |