4 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠵᠤ᠂ ᠣᠶ ᠰᠢᠭᠤᠶ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ︽ᠲᠠᠪᠤᠨ ᠶᠡᠭᠡ ᠡᠭᠦᠷᠭᠡ︾᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ | ᠸᠠᠩ ᠰᠢᠤᠸᠠᠢ ᠹᠧᠩ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ | ᠵᠢᠴᠢ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠮᠠᠨ ᠤ ᠬᠤᠰᠢᠭᠤᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠦᠰᠢᠨ ᠬᠤᠰᠢᠭᠤᠨ ᠤ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢ | ᠪᠠᠶᠢᠭᠤᠯᠬᠤ᠂ ᠰᠣᠶᠣᠯ ᠤᠨ ᠥᠪ ᠢ ᠬᠠᠮᠠᠭᠠᠯᠠᠨ ᠠᠰᠢᠭᠯᠠᠬᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠭᠡᠵᠡᠢ᠃ | ᠬᠤᠷᠠᠯ ᠠᠴᠠ᠂ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠴᠠᠭᠠᠨ | ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ 3 ᠰᠠᠷ᠎ᠠ ᠶᠢᠨ 28 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ᠂ ᠪᠦᠬᠦ ᠣᠷᠣᠨ ᠤ ᠤᠢ ᠰᠢᠭᠤᠢ ᠨᠤᠳᠤᠭ ᠪᠡᠯᠴᠢᠭᠡᠷ ᠢ ᠡᠪᠳᠠᠵᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ︽ | ᠤᠢ ᠰᠢᠭᠤᠢ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠤᠨ ᠲᠥᠰᠦᠯ︾ ᠤᠨ ᠵᠣᠷᠢᠭ ᠰᠠᠨᠠᠭ᠎ᠠ ᠪᠣᠯᠤᠨ 4 ᠰᠠᠷ᠎ᠠ ᠶᠢᠨ 2 ᠤᠨ ᠡᠳᠦᠷ ᠤᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠠᠭᠦᠯᠤᠨ ᠤᠢ ᠰᠢᠭᠤᠢ ᠨᠤᠳᠤᠭ ᠪᠡᠯᠴᠢᠭᠡᠷ ᠢ ᠡᠪᠳᠡᠬᠦ | ᠠᠵᠢᠯᠯᠠᠭ᠎ᠠ ᠳᠤ ᠴᠣᠬᠢᠯᠲᠠ ᠥᠭᠬᠦ ᠶᠠᠪᠤᠳᠠᠯ ᠢ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠲᠤᠪᠤᠶᠢᠮ᠎ᠠ ᠪᠠᠶᠢᠷᠢᠨ ᠳᠤ ᠲᠠᠯᠪᠢᠵᠤ᠂ ᠴᠢᠩᠭ᠎ᠠ ᠴᠣᠬᠢᠯᠲᠠ ᠥᠭᠬᠦ ᠪᠠ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ | ᠠᠵᠢᠯ ᠢ ᠡᠷᠡᠰ ᠴᠢᠩᠭ᠎ᠠ ᠠᠳᠬᠤᠨ ᠰᠠᠶᠢᠲᠤᠷ ᠪᠡᠶᠡᠯᠡᠭᠦᠯᠦᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠤᠢ ᠰᠢᠭᠤᠢ ᠨᠤᠲᠤᠭ ᠪᠡᠯᠴᠢᠭᠡᠷ ᠢ | ᠡᠪᠳᠡᠬᠦ ᠠᠵᠢᠯᠯᠠᠭ᠎ᠠ ᠶᠢ ᠬᠤᠷᠢᠭᠯᠠᠨ ᠵᠤᠭᠰᠤᠭᠠᠬᠤ ᠶᠡᠷᠦᠩᠬᠡᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠪᠡ᠃ | ᠬᠤᠷᠠᠯ ᠠᠴᠠ᠂ ᠯᠢ ᠯᠢ ᠱᠦᠵᠢ ᠶᠢᠨ ᠦᠤᠰᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ ᠴᠢᠬᠤᠯᠠᠴᠢᠯᠠᠭᠰᠠᠨ ᠨᠢ᠂ ᠬᠠᠲᠤᠨ ᠭᠤᠤᠯ ᠤᠨ ︽ᠶᠡᠭᠡ ᠲᠤᠬᠤᠢ︾ ᠶᠢᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ | ᠳᠠᠶᠢᠯᠠᠯᠳᠤᠭᠠᠨ ᠢ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠳᠤᠬᠢᠷᠠᠭᠰᠠᠨ ᠮᠤᠳᠤ ᠲᠠᠷᠢᠵᠤ ᠲᠠᠷᠢᠶᠠᠯᠠᠩ ᠢ ᠬᠤᠯᠪᠣᠵᠤ | ᠲᠠᠷᠢᠶᠠᠴᠢᠨ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ ᠵᠢᠯ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠶ | ᠪᠠᠶᠠᠯᠠᠭᠦᠯᠤᠨ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠪᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠬᠦ | ᠬᠡᠷᠡᠭᠲᠡᠢ ᠭᠡᠪᠡ᠃ | ᠬᠤᠷᠠᠯ ᠠᠴᠠ ᠪᠥᠬᠦ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠦᠭᠰᠡᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠤᠨ ᠬᠡᠷᠡᠭᠵᠢᠭᠦᠯᠬᠦ ᠲᠥᠰᠦᠯ ᠢ ᠰᠤᠳᠤᠯᠤᠨ ᠰᠤᠷᠤᠯᠴᠠᠵᠤ ᠬᠢᠨᠠᠨ ᠵᠥᠪᠯᠡᠪᠡ᠃ | ᠬᠤᠷᠠᠯ ᠠᠴᠠ ᠪᠦᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ | ᠤᠨ ᠠᠵᠢᠯ ᠤᠨ ᠪᠠᠶᠢᠳᠠᠯ᠂ ᠪᠦᠬᠦ ᠬᠤᠰᠢᠭᠤᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠠᠵᠢᠯ ᠤᠨ ᠪᠠᠶᠢᠳᠠᠯ ᠪᠣᠯᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ | ᠠᠯᠬᠤᠮ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠪᠣᠯᠤᠨ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ | | ᠰᠣᠷᠪᠣᠯᠵᠢᠯᠠᠭᠴᠢ᠄ ᠷᠢᠸᠠᠳᠢ |