ᠤᠢᠢᠷ᠎ᠠ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ︽ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ | ᠪᠦᠳᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ᠃ | ︽ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ | ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠤᠨ ᠪᠥᠬᠦ ᠠᠭᠤᠯᠭ᠎ᠠ ᠨᠢ ᠳᠤᠤᠷᠠᠬᠢ ᠮᠡᠲᠦ᠃ | ᠠᠮᠤ ᠪᠤᠳᠠᠭᠠᠨ ᠤ ᠠᠮᠤᠷ ᠲᠦᠪᠰᠢᠨ ᠪᠣᠯ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠮᠥᠨ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠶᠢᠨ ᠦᠨᠳᠦᠰᠦ ᠨᠢ ᠲᠠᠷᠢᠶᠠᠨ ᠭᠠᠵᠠᠷ ᠲᠤ ᠪᠤᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ ᠪᠠᠶᠢᠭᠤᠯᠬᠤ ᠪᠣᠯ ᠨᠢᠭᠡᠨ ᠴᠢᠬᠤᠯᠠ | ᠭᠠᠷᠳᠠᠴᠠ ᠮᠥᠨ᠃ ᠨᠥᠬᠦᠴᠡᠯ ᠢ ᠪᠦᠷᠢᠯᠳᠦᠭᠦᠯᠦᠭᠰᠡᠨ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠦᠬᠦᠨ ᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠳᠦᠬᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ | ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ | ᠬᠦᠴᠦᠯᠡᠨ ᠠᠬᠢᠭᠤᠯᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠤᠷᠢᠯᠡᠯ ᠤᠨ ᠴᠢᠳᠠᠪᠤᠷᠢ ᠶᠢ ᠪᠠᠳᠤᠯᠠᠵᠤ᠂ ᠮᠡᠷᠬᠡᠵᠢᠯ ᠢᠶᠠᠷ ᠠᠮᠤ ᠪᠤᠳᠠᠭᠠᠨ ᠤ | ᠤᠨᠠᠯᠳᠠ ᠶᠢ ᠨᠡᠮᠡᠭᠳᠡᠬᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠰᠢᠯᠭᠠᠨ ᠠᠪᠬᠤ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠳᠠ ᠶᠢ | ᠰᠢᠯᠢᠳᠡᠭᠵᠢᠭᠦᠯᠵᠦ᠂ ᠪᠦᠲᠦᠭᠡᠨ ᠪᠠᠶᠢᠭᠤᠯᠬᠤ ᠴᠠᠭ ᠤᠨ ᠳᠠᠷᠠᠭᠠᠯᠠᠯ ᠢ ᠲᠣᠳᠣᠷᠬᠠᠶᠢᠯᠠᠨ᠂ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠰᠢᠨ᠎ᠡ ᠪᠠᠷ | ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠵᠡᠷᠭᠡ ᠳᠤᠨᠢ ᠴᠢᠬᠤᠯᠠᠴᠢᠯᠠᠬᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠭᠦᠯᠵᠦ᠂ ᠨᠥᠬᠦᠴᠡᠯ ᠢ ᠪᠦᠷᠢᠯᠳᠦᠭᠦᠯᠦᠭᠰᠡᠨ ᠲᠠᠷᠢᠶᠠᠨ | ᠭᠠᠵᠠᠷ ᠢᠯᠠᠩᠭᠤᠶ᠎ᠠ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢ ᠦᠨᠡᠨ ᠬᠦ ᠲᠠᠷᠢᠶᠠᠯᠠᠬᠤ ᠳᠤ ᠲᠣᠬᠢᠷᠠᠮᠵᠢᠲᠠᠢ᠂ ᠭᠠᠩᠳᠠᠵᠤ ᠤᠰᠤᠲᠤᠪᠠᠴᠤ | ᠬᠤᠷᠢᠶᠠᠯᠲᠠ ᠶᠢ ᠪᠠᠲᠤᠯᠠᠬᠤ᠂ ᠥᠨᠳᠥᠷ ᠪᠦᠬᠡᠳ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶ᠎ᠠ ᠪᠤᠯᠭᠠᠨ ᠪᠠᠶᠢᠭᠤᠯᠵᠤ᠂ ᠠᠮᠤ | ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ ᠪᠠᠬᠢᠵᠢᠭᠦᠯᠦᠨ᠎ᠡ᠃ | ᠭᠤᠤᠯ ᠬᠠᠷᠠᠯᠲᠠ ᠪᠣᠯ᠄ 2030 ᠣᠨ ᠪᠣᠯᠬᠤ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 13.5 ᠳ᠋ᠦᠩᠰᠢᠭᠤᠷ ᠮᠥ ᠪᠤᠯᠭᠠᠨ | ᠬᠦᠴᠦᠯᠡᠨ ᠪᠠᠶᠢᠭᠤᠯᠵᠤ᠂ ᠨᠡᠶᠢᠳᠡ 2.8 ᠳ᠋ᠦᠩᠰᠢᠭᠤᠷ ᠮᠦ ᠶᠢ ᠥᠭᠡᠷᠡᠴᠢᠯᠡᠨ ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠵᠢᠭᠦᠯᠬᠦ᠂ ᠥᠨᠳᠥᠷ ᠪᠦᠲᠦᠮᠵᠢᠲᠡᠶ | ᠤᠰᠤ ᠠᠷᠪᠢᠯᠠᠬᠤ ᠤᠰᠤᠯᠠᠯᠲᠠ ᠶᠢ ᠵᠡᠷᠭᠡ ᠪᠠᠷ ᠬᠡᠷᠡᠭᠵᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 8000 ᠲᠦᠮᠡᠨ | ᠮᠥ ᠰᠢᠨ᠎ᠡ ᠪᠠᠷ ᠨᠡᠮᠡᠭᠳᠡᠭᠦᠯᠦᠨ᠎ᠡ︔ 2035 ᠣᠨ ᠪᠣᠯᠬᠤ ᠳᠤ᠂ ᠨᠥᠬᠦᠴᠡᠯ ᠢ ᠪᠦᠷᠢᠯᠳᠦᠭᠦᠯᠦᠭᠰᠡᠨ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ | ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠥᠭᠡᠷᠡᠴᠢᠯᠡᠨ ᠪᠠᠶᠢᠭᠤᠯᠵᠤ᠂ ᠨᠡᠶᠢᠲᠡ 4.55 ᠳ᠋ᠦᠩᠰᠢᠭᠤᠷ ᠮᠥ ᠶᠢ ᠥᠭᠡᠷᠡᠴᠢᠯᠡᠨ | ᠳᠡᠭᠡᠭᠰᠢᠯᠡᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 1.3 ᠳ᠋ᠦᠩᠰᠢᠭᠤᠷ ᠮᠥ ᠰᠢᠨ᠎ᠡ ᠪᠠᠷ ᠨᠡᠮᠡᠭᠳᠡᠭᠦᠯᠦᠨ᠎ᠡ᠃ | ᠬᠤᠶᠠᠷ᠂ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ | ︵ᠨᠢᠭᠡ︶ ᠪᠦᠲᠦᠭᠡᠨ ᠪᠠᠶᠢᠭᠤᠯᠬᠤ ᠪᠠᠷᠢᠮᠵᠢᠶ᠎ᠠ᠃ ︽ᠨᠢᠭᠡ ᠶᠢ ᠲᠡᠭᠰᠢᠯᠡᠬᠦ︾ ︵ᠲᠠᠷᠢᠶᠠᠨ ᠭᠠᠵᠠᠷ ᠢ ᠲᠡᠭᠰᠢᠯᠡᠬᠦ︶᠂ ︽ᠬᠤᠶᠠᠷ ᠢ ᠨᠡᠪᠲᠡᠷᠡᠭᠦᠯᠬᠦ︾ ︵ | ᠤᠰᠤ ᠨᠡᠪᠲᠡᠷᠡᠭᠦᠯᠵᠦ ᠵᠠᠮ ᠨᠡᠪᠲᠡᠷᠡᠭᠦᠯᠬᠦ︶᠂ ︽ᠭᠤᠷᠪᠠ ᠶᠢ ᠳᠡᠭᠡᠭᠰᠢᠯᠡᠭᠦᠯᠬᠦ︾ ︵ᠭᠠᠵᠠᠷ ᠤᠨ ᠬᠦᠴᠦ ᠰᠢᠮ᠎ᠡ᠂ ᠤᠨᠠᠯᠲᠠ᠂ ᠦᠷ᠎ᠡ ᠠᠰᠢᠭ ᠢ | ᠳᠡᠭᠡᠭᠰᠢᠯᠡᠭᠦᠯᠬᠦ︶ ᠪᠠᠷ ᠦᠨᠳᠦᠰᠦᠨ ᠪᠠᠷᠢᠮᠵᠢᠶ᠎ᠠ ᠪᠣᠯᠭᠠᠵᠤ᠂ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠲᠥᠷᠥᠯ ᠬᠡᠯᠪᠡᠷᠢ ᠶᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠣᠷᠣᠭᠤᠯᠤᠯᠲᠠ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ ᠤᠯᠤᠰ ᠤᠨ | ᠪᠠᠷᠢᠮᠵᠢᠶ᠎ᠠ ᠨᠢ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠰᠠᠭᠤᠷᠢᠯᠠᠬᠤ ᠴᠢᠨᠠᠷᠲᠠᠶ᠂ ᠨᠡᠶᠢᠳᠡᠮ ᠬᠡᠷᠡᠭᠯᠡᠬᠦ ᠴᠢᠨᠠᠷᠲᠠᠶ ᠱᠠᠭᠠᠷᠳᠠᠯᠭ᠎ᠠ ᠶᠢ ᠳᠣᠪᠤᠶᠢᠯᠭᠠᠵᠤ᠂ ᠮᠤᠵᠢ ᠶᠢᠨ ᠱᠠᠲᠤᠨ ᠤ ᠲᠠᠰ | ᠳᠠᠪᠬᠤᠷᠭ᠎ᠠ ᠠᠴᠠ ᠲᠠᠷᠢᠶᠠᠨ ᠭᠠᠵᠠᠷ ᠢ ᠲᠡᠭᠰᠢᠯᠠᠨ ᠵᠠᠰᠠᠬᠤ᠂ ᠤᠰᠤᠯᠠᠬᠤ ᠪᠠ ᠤᠰᠤ ᠵᠠᠯᠠᠬᠤ ᠲᠤᠨᠤᠭ ᠲᠦᠬᠦᠭᠡᠷᠦᠮᠵᠢ᠂ ᠲᠠᠷᠢᠶᠠᠨ ᠭᠠᠵᠠᠷ ᠤᠨ ᠵᠠᠮ᠂ | ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠬᠦ ᠵᠡᠷᠭᠡ ᠪᠣᠳᠠᠲᠠᠶ ᠱᠠᠭᠠᠷᠳᠠᠯᠭ᠎ᠠ ᠶᠢ ᠨᠠᠷᠢᠯᠢᠬᠵᠢᠭᠤᠯᠤᠨ ᠲᠣᠭᠲᠠᠭᠠᠵᠤ᠂ ᠬᠤᠲᠠ ᠰᠢᠶᠠᠨ ᠤ ᠲᠠᠰ | ᠳᠠᠪᠬᠤᠷᠭ᠎ᠠ ᠠᠴᠠ ᠳᠥᠭᠦᠮ ᠠᠪᠰᠠᠷᠬᠠᠨ ᠬᠢᠯᠪᠠᠷ ᠶᠠᠪᠤᠭᠳᠠᠬᠤ᠂ ᠲᠥᠬᠦᠮ ᠣᠶᠢᠯᠠᠭᠠᠮᠵᠢᠲᠠᠶ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠬᠡᠷᠡᠭᠵᠢᠭᠦᠯᠬᠦ ᠨᠠᠷᠢᠨ | ᠲᠦᠷᠢᠮ ᠢ ᠲᠣᠭᠲᠠᠭᠠᠵᠤ᠂ ᠲᠠᠰ ᠳᠠᠪᠬᠤᠷᠭ᠎ᠠ ᠨᠢ ᠲᠣᠳᠣᠷᠬᠠᠶ᠂ ᠳᠡᠭᠡᠷ᠎ᠠ ᠳᠤᠤᠷ᠎ᠠ ᠱᠠᠲᠤ ᠶᠢ ᠵᠣᠯᠭᠠᠭᠤᠯᠤᠭᠰᠠᠨ᠂ ᠪᠣᠳᠠᠲᠠᠶ ᠶᠢ ᠡᠷᠬᠢᠮᠯᠡᠭᠰᠡᠨ ᠪᠥᠭᠡᠳ | ᠲᠤᠰᠠᠲᠠᠶ ᠪᠠᠶᠢᠬᠤ ᠪᠠᠷᠢᠮᠵᠢᠶ᠎ᠠ ᠶᠢᠨ ᠰᠢᠰᠲ᠋ᠧᠮ ᠢ ᠪᠦᠷᠢᠯᠳᠦᠭᠦᠯᠦᠨ᠎ᠡ᠃ | ︵ᠬᠤᠶᠠᠷ︶ ᠪᠦᠲᠦᠭᠡᠨ ᠪᠠᠶᠢᠭᠤᠯᠬᠤ ᠠᠭᠤᠯᠭ᠎ᠠ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ᠂ ᠬᠥᠷᠥᠰᠥ ᠰᠢᠷᠣᠢ᠂ ᠤᠰᠤ᠂ ᠵᠠᠮ᠂ ᠤᠢ ᠰᠢᠭᠤᠢ᠂ ᠴᠠᠬᠢᠯᠭᠠᠨ᠂ ᠮᠡᠷᠭᠡᠵᠢᠯ᠂ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠪᠦᠳᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ | ᠲᠠᠷᠢᠶᠠᠨ ᠭᠠᠵᠠᠷ ᠲᠤ ᠲᠠᠯᠪᠢᠨ᠎ᠠ᠃ ᠰᠢᠨ᠎ᠡ ᠪᠠᠷ ᠪᠦᠳᠦᠬᠡᠨ ᠪᠠᠶᠢᠭᠤᠯᠬᠤ ᠲᠥᠷᠥᠯ ᠵᠦᠢᠯ ᠳᠤ ᠲᠠᠷᠢᠶᠠᠨ ᠭᠠᠵᠠᠷ ᠢ ᠲᠡᠭᠰᠢᠯᠡᠨ ᠵᠠᠰᠠᠬᠤ᠂ ᠲᠠᠷᠢᠶᠠᠨ ᠭᠠᠵᠠᠷ ᠢ | ᠤᠰᠤᠯᠠᠬᠤ ᠪᠠ ᠤᠰᠤ ᠵᠠᠯᠠᠬᠤ ᠰᠢᠰᠲ᠋ᠧᠮ᠂ ᠲᠠᠷᠢᠶᠠᠨ ᠭᠠᠵᠠᠷ ᠤᠨ ᠵᠠᠮ ᠪᠠ ᠴᠠᠬᠢᠯᠭᠠᠨ ᠬᠦᠴᠦᠨ ᠤ ᠲᠤᠨᠤᠭ ᠲᠦᠬᠦᠭᠡᠷᠦᠮᠵᠢ ᠶᠢ ᠢᠵᠢ ᠪᠦᠷᠢᠳᠦᠬᠦᠯᠬᠦ ᠵᠡᠷᠭᠡ | ᠰᠠᠭᠤᠷᠢ ᠪᠦᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠥᠷᠨᠢᠭᠦᠯᠵᠦ᠂ ᠲᠠᠷᠢᠶᠠᠨ ᠭᠠᠵᠠᠷ ᠤᠨ ᠤᠰᠤ ᠶᠢ ᠪᠠᠳᠤᠯᠠᠵᠤ ᠬᠥᠷᠥᠰᠥ ᠰᠢᠷᠣᠶ ᠶᠢ ᠪᠠᠳᠤᠯᠠᠵᠤ | ᠪᠣᠷᠳᠣᠭᠤᠷ ᠢ ᠪᠠᠳᠤᠯᠠᠬᠤ ᠴᠢᠳᠠᠪᠤᠷᠢ᠂ ᠭᠠᠩᠳᠠᠵᠤ ᠤᠰᠤᠲᠤᠬᠤ ᠭᠠᠮᠰᠢᠭ ᠢ ᠡᠰᠡᠷᠭᠦᠴᠡᠬᠦ ᠴᠢᠳᠠᠪᠤᠷᠢ᠂ ᠮᠠᠰᠢᠨᠴᠢᠯᠠᠨ ᠮᠧᠬᠠᠨᠢᠭᠴᠢᠯᠠᠵᠤ ᠲᠠᠷᠢᠶᠠᠯᠠᠬᠤ ᠳᠤ | ᠳᠥᠭᠦᠮ ᠦᠵᠡᠭᠦᠯᠬᠦ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ︔ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠳᠤ ᠶᠠᠭᠤ ᠳᠤᠲᠠᠭᠳᠠᠪᠠᠯ ᠶᠠᠭᠤ ᠶᠢ | ᠨᠥᠬᠦᠪᠥᠷᠢᠯᠡᠬᠦ ᠵᠠᠷᠴᠢᠮ ᠶᠣᠰᠣᠭᠠᠷ᠂ ᠲᠠᠷᠢᠶᠠᠨ ᠭᠠᠵᠠᠷ ᠤᠨ ᠲᠤᠨᠤᠭ ᠲᠥᠬᠦᠭᠡᠷᠦᠮᠵᠢ ᠶᠢᠨ ᠳᠤᠲᠠᠭᠤᠳᠠᠯ ᠪᠠᠭᠤᠷᠠᠶ ᠲᠠᠯ᠎ᠠ ᠶᠢ ᠨᠥᠬᠦᠪᠥᠷᠢᠯᠡᠨ᠎ᠡ᠃ | ᠭᠠᠳᠠᠨ᠎ᠠ ᠠᠴᠠ ᠰᠢᠷᠤᠢ ᠠᠪᠴᠢᠷᠠᠵᠤ ᠨᠡᠮᠡᠬᠦ᠂ ᠥᠩᠭᠡᠨ ᠲᠠᠯ᠎ᠠ ᠶᠢᠨ ᠬᠥᠷᠥᠰᠥ ᠶᠢ ᠲᠠᠬᠢᠨ ᠲᠠᠷᠢᠶᠠᠨ ᠭᠠᠵᠠᠷ ᠪᠤᠯᠭᠠᠨ ᠠᠰᠢᠬᠯᠠᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠨ ᠭᠠᠵᠠᠷ ᠰᠢᠷᠣᠶ ᠶᠢ ᠲᠡᠭᠰᠢᠯᠡᠵᠦ᠂ ᠲᠠᠷᠢᠶᠠᠨ ᠭᠠᠵᠠᠷ ᠤᠨ ᠭᠠᠳᠠᠷᠭᠤ ᠶᠢᠨ ᠨᠠᠯᠠᠤ ᠬᠤᠳᠤᠭᠤᠷ ᠢ ᠵᠦᠶ ᠵᠣᠬᠢᠰᠲᠠᠶ ᠲᠣᠬᠢᠷᠠᠭᠤᠯᠵᠤ᠂ ᠲᠠᠷᠢᠶᠠᠨ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠰᠠᠶᠢᠵᠢᠷᠠᠭᠤᠯᠤᠨ᠎ᠠ᠃ ᠡᠳᠦᠷ ᠲᠤᠲᠤᠮ ᠤᠨ ᠲᠠᠷᠢᠶᠠᠯᠠᠩ ᠤᠨ ᠦᠢᠯᠡᠳᠪᠦᠷᠢᠯᠡᠯ ᠲᠠᠢ ᠤᠶᠠᠯᠳᠤᠭᠤᠯᠤᠨ ᠬᠥᠷᠥᠰᠥ | ᠰᠢᠷᠣᠶ ᠶᠢ ᠰᠠᠶᠢᠵᠢᠷᠠᠭᠤᠯᠵᠤ ᠪᠣᠷᠲᠣᠭᠤᠷ ᠣᠷᠣᠭᠤᠯᠬᠤ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠥᠷᠥᠰᠥ ᠰᠢᠷᠣᠶ ᠶᠢ ᠦᠨᠡᠨ ᠬᠦ ᠰᠠᠶᠢᠵᠢᠷᠠᠭᠤᠯᠤᠨ᠎ᠠ᠃ | ᠬᠥᠨᠥᠭᠡᠯ ᠳᠤ ᠲᠣᠬᠢᠷᠠᠭᠤᠯᠤᠨ ᠰᠡᠷᠭᠡᠶᠢᠯᠡᠯᠲᠡ ᠬᠢᠵᠦ᠂ ᠡᠷᠭᠢ ᠬᠥᠲᠥᠯ ᠢ ᠬᠠᠮᠠᠭᠠᠯᠠᠬᠤ᠂ ᠰᠠᠯᠬᠢ ᠡᠯᠡᠰᠦ ᠶᠢ ᠰᠡᠷᠭᠡᠶᠢᠯᠡᠬᠦ ᠵᠡᠷᠭᠡ ᠢᠨᠵᠧᠨᠧᠷᠢᠩ ᠤᠨ ᠠᠷᠭ᠎ᠠ | ᠬᠡᠮᠵᠢᠶ᠎ᠡ ᠶᠢ ᠵᠦᠢ ᠵᠣᠬᠢᠰᠲᠠᠶ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠬᠥᠷᠥᠰᠥ ᠰᠢᠷᠣᠶ ᠶᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠶᠢᠨ ᠭᠤᠤᠯ ᠴᠣᠭᠴᠠ ᠪᠠᠶ᠎ᠠ ᠪᠠᠨ ᠲᠠᠭᠠᠭᠠᠵᠤ ᠤᠰᠤ ᠪᠣᠷᠲᠣᠭᠤᠷ ᠢ ᠨᠢᠭᠡ ᠴᠣᠭᠴᠠᠵᠢᠭᠤᠯᠬᠤ᠂ | ᠣᠶᠤᠨᠴᠢ ᠪᠠᠷ ᠤᠰᠤᠯᠠᠬᠤ᠂ ᠴᠢᠭᠢᠭ ᠤᠨ ᠪᠠᠶᠢᠳᠠᠯ ᠬᠤᠷᠣᠬᠠᠶ ᠶᠢᠨ ᠪᠠᠶᠢᠳᠠᠯ ᠢ ᠠᠦ᠋ᠲ᠋ᠣ᠋ ᠪᠠᠷ ᠬᠢᠨᠠᠨ ᠰᠢᠨᠵᠢᠬᠦ᠂ ᠣᠶᠤᠨᠴᠢ ᠴᠠᠭ ᠠᠭᠤᠷ ᠤᠨ ᠦᠢᠯᠡᠴᠢᠯᠡᠭᠡ | ᠵᠡᠷᠭᠡ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ ᠶᠢ ᠵᠣᠷᠢᠭᠵᠢᠭᠤᠯᠤᠨ᠎ᠠ᠃ | ︵ᠭᠤᠷᠪᠠ︶ ᠪᠦᠲᠦᠭᠡᠨ ᠪᠠᠶᠢᠭᠤᠯᠬᠤ ᠪᠠᠶᠢᠷᠢᠰᠢᠭᠤᠯᠤᠯᠲᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠣᠷᠣᠨ | ᠵᠠᠶ ᠶᠢᠨ ᠪᠠᠶᠢᠷᠢᠰᠢᠭᠤᠯᠤᠯᠲᠠ ᠪᠠ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ | ᠭᠠᠵᠠᠷ ᠤᠨ ᠣᠷᠣᠨ᠂ ᠲᠠᠯ᠎ᠠ ᠭᠠᠵᠠᠷ ᠣᠷᠣᠨ᠂ ᠤᠰᠤᠨ ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠵᠢᠴᠢ ᠠᠮᠤ | ᠪᠤᠳᠠᠭᠠᠨ ᠤ ᠤᠨᠠᠯᠲᠠ ᠥᠨᠳᠥᠷ ᠪᠠ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ ᠭᠠᠵᠠᠷ ᠣᠷᠣᠨ ᠳᠤ ᠤᠷᠢᠳ ᠢᠶᠠᠷ ᠪᠥᠲᠥᠭᠡᠨ ᠪᠠᠶᠢᠭᠤᠯᠤᠯᠳᠠ | ᠦᠷᠨᠢᠭᠦᠯᠦᠨ᠎ᠠ᠂ ᠭᠡᠬᠦ ᠳᠡᠭᠡᠨ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠢᠶᠠᠷ ᠬᠢᠵᠠᠭᠠᠷᠯᠠᠭᠳᠠᠬᠤ ᠥᠬᠡᠶ ᠪᠠᠶᠢᠵᠤ ᠪᠣᠯᠤᠨ᠎ᠠ᠃ ᠠᠮᠢ ᠠᠬᠤᠢ | ᠬᠡᠪᠡᠷᠡᠭ ᠣᠷᠣᠨ᠂ ᠲᠠᠯᠠᠢ ᠳᠠᠭᠠᠤ ᠶᠢᠨ ᠳᠣᠲᠣᠭᠠᠳᠤ ᠬᠠᠭᠤᠷᠠᠢ ᠶᠢᠨ ᠭᠤᠤᠯ ᠤᠨ ᠲᠠᠩ ᠰᠠᠶᠢᠷᠭᠠᠯ ᠵᠡᠷᠭᠡ ᠣᠷᠣᠨ ᠪᠦᠰᠡ ᠳᠤ ᠴᠢᠩᠭ᠎ᠠ ᠬᠢᠵᠠᠭᠠᠷᠯᠠᠵᠤ᠂ 25 | ᠭᠷᠠᠳᠦ᠋ᠰ ᠠᠴᠠ ᠳᠡᠭᠡᠭᠰᠢᠬᠢ ᠨᠠᠯᠠᠤ ᠶᠢᠨ ᠲᠠᠷᠢᠶᠠᠨ ᠭᠠᠵᠠᠷ᠂ ᠴᠢᠩᠭ᠎ᠠ ᠬᠠᠮᠢᠶᠠᠷᠤᠨ ᠡᠵᠡᠮᠳᠡᠬᠦ ᠲᠦᠷᠦᠯ ᠤᠨ ᠲᠠᠷᠢᠶᠠᠨ ᠭᠠᠵᠠᠷ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ︵ᠤᠯᠠᠭᠠᠨ ᠱᠤᠭᠤᠮ ᠳᠣᠲᠣᠷᠠᠬᠢ ᠲᠥᠪᠯᠡᠷᠡᠨ ᠵᠠᠯᠭᠠᠯᠳᠤᠭᠰᠠᠨ ᠱᠠᠲᠤᠨ ᠲᠠᠷᠢᠶ᠎ᠠ ᠪᠤᠶᠤ ᠬᠠᠮᠠᠭᠠᠯᠠᠭᠳᠠᠬᠤ ᠡᠲᠡᠭᠡᠳ ᠲᠠᠢ | ᠬᠠᠮᠲᠤ ᠣᠷᠣᠰᠢᠭᠰᠠᠨ ᠲᠦᠪᠯᠡᠷᠡᠨ ᠵᠠᠯᠭᠠᠯᠳᠤᠭᠰᠠᠨ ᠲᠠᠷᠢᠶᠠᠨ ᠭᠠᠵᠠᠷ ᠪᠠᠭᠲᠠᠬᠤ ᠦᠭᠡᠢ︶᠂ ᠲᠠᠷᠢᠶᠠᠯᠠᠬᠤ ᠶᠢ ᠵᠤᠭᠰᠤᠭᠠᠵᠤ ᠤᠢ ᠮᠤᠳᠤ ᠲᠠᠷᠢᠬᠤ ᠡᠪᠡᠰᠦ | ᠪᠡᠯᠴᠢᠭᠡᠷ ᠢ ᠰᠡᠷᠭᠦᠭᠡᠬᠦ ᠨᠠᠭᠤᠷ ᠴᠥᠭᠦᠷᠥᠮ ᠢ ᠰᠡᠷᠭᠦᠬᠡᠬᠦ ᠮᠠᠯᠵᠢᠬᠤ ᠭᠠᠵᠠᠷ ᠢ ᠰᠡᠷᠭᠦᠭᠡᠬᠦ ᠣᠷᠣᠨ ᠪᠦᠰᠡ ᠵᠡᠷᠭᠡ ᠳᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ ᠥᠷᠨᠢᠭᠦᠯᠬᠦ ᠶᠢ ᠴᠠᠭᠠᠵᠠᠯᠠᠨ᠎ᠠ᠃ ᠨᠥᠬᠦᠴᠡᠯ ᠲᠠᠢ ᠭᠠᠵᠠᠷ ᠣᠷᠣᠨ ᠪᠥᠬᠦ ᠣᠷᠣᠨ ᠪᠦᠰᠡ ᠳᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ | ︵ᠳᠥᠷᠪᠡ︶ ᠪᠦᠲᠦᠭᠡᠨ ᠪᠠᠶᠢᠭᠤᠯᠬᠤ ᠣᠷᠣᠨ ᠬᠤᠪᠢᠶᠠᠷᠢᠯᠠᠯ᠃ ᠣᠷᠣᠨ ᠪᠦᠰᠡ ᠶᠢᠨ ᠡᠬᠢ ᠪᠠᠶᠠᠯᠢᠭ ᠤᠨ ᠲᠠᠪᠠᠭᠤᠯᠢᠭ᠂ ᠲᠠᠷᠢᠶᠠᠯᠠᠬᠤ ᠲᠦᠷᠢᠮ ᠪᠠ | ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠵᠡᠷᠭᠡ ᠶᠢ ᠦᠨᠳᠦᠰᠦᠯᠡᠨ᠂ ᠪᠥᠬᠦ ᠤᠯᠤᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ 7 ᠣᠷᠣᠨ ᠪᠦᠰᠡ ᠳᠤ ᠬᠤᠪᠢᠶᠠᠨ᠎ᠠ᠃ ᠵᠡᠭᠦᠨ ᠬᠤᠶᠢᠲᠤ ᠣᠷᠣᠨ ᠨᠢ ᠯᠢᠶᠣᠤᠨᠢᠩ᠂ ᠬᠢᠷᠢᠨ᠂ ᠬᠠᠷᠠᠮᠥ᠋ᠷᠡᠨ 3 ᠮᠤᠵᠢ ᠵᠢᠴᠢ ᠥᠪᠥᠷ | ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠬᠤᠳᠠ᠂ ᠲᠦᠩᠯᠢᠶᠣᠤ ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠵᠡᠷᠬᠡ 4 ᠠᠶᠢᠮᠠᠭ ︵ᠬᠤᠳᠠ | ︶ ᠢ ᠪᠠᠭᠲᠠᠭᠠᠵᠤ᠂ ᠲᠠᠷᠢᠶᠠᠨ ᠭᠠᠵᠠᠷ ᠤᠨ ᠤᠰᠤᠯᠠᠵᠤ ᠤᠰᠤ ᠵᠠᠯᠠᠬᠤ ᠲᠤᠨᠤᠭ ᠲᠦᠬᠦᠭᠡᠷᠦᠮᠵᠢ ᠶᠢ ᠭᠤᠣᠯᠳᠠᠯᠭ᠎ᠠ ᠲᠠᠢ ᠲᠦᠷᠭᠡᠨ ᠲᠡᠭᠦᠯᠳᠡᠷᠵᠢᠭᠦᠯᠵᠦ᠂ | ᠲᠠᠷᠢᠶᠠᠨ ᠭᠠᠵᠠᠷ ᠢ ᠲᠡᠭᠰᠢᠯᠡᠨ ᠵᠠᠰᠠᠬᠤ ᠪᠠ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠬᠠᠳᠤᠨ ᠭᠤᠤᠯ ᠬᠤᠸᠠᠶᠢᠾᠧ ᠭᠤᠤᠯ ᠤᠨ | ᠤᠷᠤᠨ ᠨᠢ ᠪᠡᠭᠡᠵᠢᠩ᠂ ᠲᠢᠶᠠᠨᠵᠢᠨ᠂ ᠾᠧᠪᠧᠢ᠂ ᠱᠠᠨᠳᠦ᠋ᠩ᠂ ᠾᠧᠨᠠᠨ ᠵᠡᠷᠭᠡ 5 ᠮᠤᠵᠢ ︵ᠰᠢᠭᠤᠳ ᠬᠠᠷᠢᠶ᠎ᠠ ᠬᠤᠲᠠ︶ ᠶᠢ ᠪᠠᠭᠳᠠᠭᠠᠵᠤ᠂ ᠤᠰᠤᠯᠠᠯᠲᠠ ᠶᠢ | ᠪᠠᠲᠤᠯᠠᠬᠤ ᠨᠣᠷᠮ᠎ᠠ ᠶᠢ ᠭᠤᠣᠯᠳᠠᠯᠭ᠎ᠠ ᠲᠠᠢ ᠬᠦᠴᠦᠯᠡᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠲᠠᠷᠢᠶᠠᠯᠠᠬᠤ ᠨᠥᠬᠦᠴᠡᠯ ᠢ ᠲᠡᠭᠦᠯᠳᠡᠷᠵᠢᠭᠦᠯᠦᠨ᠎ᠡ᠃ | ᠬᠥᠬᠡᠮᠥ᠋ᠷᠡᠨ ᠤ ᠳᠤᠮᠳᠠ ᠳᠤᠤᠷᠠᠳᠤ ᠤᠷᠤᠰᠬᠠᠯ ᠤᠨ ᠣᠷᠣᠨ ᠨᠢ ᠱᠠᠩᠬᠠᠶ᠂ ᠵᠢᠶᠠᠩᠰᠦ᠂ ᠠᠨᠾᠦ᠋ᠢ᠂ ᠵᠢᠶᠠᠩᠰᠢ᠂ ᠬᠤᠪᠸᠢ᠂ ᠬᠤᠨᠠᠨ ᠵᠡᠷᠭᠡ 6 ᠮᠤᠵᠢ ︵ | ᠰᠢᠭᠤᠳ ᠬᠠᠷᠢᠶ᠎ᠠ ᠬᠤᠲᠠ︶ ᠶᠢ ᠪᠠᠭᠲᠠᠭᠠᠵᠤ᠂ ᠲᠠᠷᠢᠶᠠᠨ ᠭᠠᠵᠠᠷ ᠤᠨ ᠲᠤᠨᠤᠭ ᠲᠥᠬᠦᠭᠡᠷᠦᠮᠵᠢ ᠶᠢᠨ ᠣᠳᠣᠬᠢᠴᠢᠯᠠᠯᠲᠠ ᠶᠢ ᠢᠵᠢ ᠪᠦᠷᠢᠳᠦᠭᠦᠯᠦᠨ ᠲᠠᠰ | ᠳᠡᠪᠰᠢᠭᠦᠯᠬᠦ ᠶᠢ ᠭᠤᠤᠯᠳᠠᠯᠭ᠎ᠠ ᠲᠠᠢ ᠳᠣᠪᠤᠶᠢᠯᠭᠠᠵᠤ᠂ ᠭᠠᠩ ᠬᠠᠭᠰᠠᠷᠠᠭᠠᠨ᠂ ᠤᠰᠤᠲᠤᠯ᠂ ᠲᠤᠨᠤᠮᠠᠯ ᠤᠰᠤ ᠶᠢ ᠶᠡᠷᠦᠩᠬᠡᠶᠢᠯᠡᠨ ᠵᠠᠰᠠᠬᠤ ᠠᠵᠢᠯ ᠢ | ᠥᠷᠨᠢᠭᠦᠯᠦᠨ᠎ᠡ᠃ ᠵᠡᠭᠦᠨ ᠡᠮᠦᠨᠡᠲᠦ ᠣᠷᠣᠨ ᠨᠢ ᠵᠧᠵᠢᠶᠠᠩ᠂ ᠹᠦᠵᠢᠶᠠᠨ᠂ ᠭᠤᠸᠠᠩᠳᠦ᠋ᠩ᠂ ᠬᠠᠶᠢᠨᠠᠨ ᠵᠡᠷᠭᠡ 4 ᠮᠤᠵᠢ ᠶᠢ ᠪᠠᠭᠲᠠᠭᠠᠵᠤ᠂ ᠲᠠᠷᠢᠶᠠᠴᠢᠳ ᠤᠨ | ᠬᠦᠰᠡᠯ ᠰᠠᠨᠠᠭ᠎ᠠ ᠶᠢ ᠬᠦᠨᠳᠦᠳᠭᠡᠭᠰᠡᠨ ᠤᠷᠢᠲᠠᠯ ᠳᠣᠣᠷ᠎ᠠ ᠲᠠᠷᠢᠶᠠᠨ ᠭᠠᠵᠠᠷ ᠤᠨ ᠵᠢᠵᠢᠭᠷᠡᠨ ᠬᠡᠰᠡᠭᠵᠢᠭᠰᠡᠨ ᠠᠰᠠᠭᠤᠳᠠᠯ ᠢ ᠠᠯᠬᠤᠮ ᠠᠯᠬᠤᠮ ᠢᠶᠠᠷ | ᠰᠠᠶᠢᠵᠢᠷᠠᠭᠤᠯᠬᠤ ᠳᠤ ᠭᠤᠤᠯᠳᠠᠯᠭ᠎ᠠ ᠪᠠᠨ ᠲᠠᠯᠪᠢᠵᠤ᠂ ᠲᠠᠷᠢᠶᠠᠨ ᠭᠠᠵᠠᠷ ᠤᠨ ᠠᠭᠠᠳᠠᠷ ᠪᠣᠷᠣᠭᠠᠨ ᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠪᠠᠷᠠᠭᠤᠨ | ᠡᠮᠦᠨᠡᠲᠦ ᠣᠷᠣᠨ ᠨᠢ ᠭᠤᠸᠠᠩᠰᠢ᠂ ᠴᠦᠩᠴᠢᠩ᠂ ᠰᠧᠴᠤᠸᠠᠨ᠂ ᠭᠦᠢᠵᠧᠤ᠂ ᠶᠦᠨᠨᠠᠨ ᠵᠡᠷᠭᠡ 5 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ︶ ᠶᠢ ᠪᠠᠭᠲᠠᠭᠠᠵᠤ᠂ ᠬᠡᠪᠲᠡᠭᠡ ᠱᠠᠲᠤᠨ ᠲᠠᠷᠢᠶ᠎ᠠ ᠶᠢᠨ ᠥᠭᠡᠷᠡᠴᠢᠯᠡᠯᠲᠡ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠂ | ᠲᠠᠷᠢᠶᠠᠨ ᠭᠠᠵᠠᠷ ᠤᠨ ᠵᠠᠮ ᠢ ᠲᠡᠭᠦᠯᠳᠡᠷᠵᠢᠭᠦᠯᠵᠦ᠂ ᠢᠨᠵᠧᠨᠧᠷᠢᠩ ᠤᠨ ᠴᠢᠨᠠᠷᠲᠠᠶ ᠤᠰᠤ ᠳᠤᠲᠠᠭᠳᠠᠬᠤ ᠳᠤᠲᠠᠭᠤᠳᠠᠯ ᠢ ᠨᠥᠬᠦᠪᠥᠷᠢᠯᠡᠨ᠎ᠡ᠃ ᠪᠠᠷᠠᠭᠤᠨ ᠬᠤᠶᠢᠲᠤ | ᠣᠷᠣᠨ ᠨᠢ ᠱᠠᠨ ᠰᠢ᠂ ᠱᠠᠨᠰᠢ᠂ ᠭᠠᠨᠰᠦ᠂ ᠨᠢᠩᠰᠢᠶᠠ᠂ ᠰᠢᠨᠵᠢᠶᠠᠩ ︵ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ | ᠪᠠᠭᠲᠠᠨ᠎ᠠ︶ 5 ᠮᠤᠵᠢ ︵ᠥᠪᠡᠷᠲᠡᠭᠡᠨ ᠵᠠᠰᠠᠬᠤ ᠣᠷᠣᠨ︶ ᠵᠢᠴᠢ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ 8 ᠠᠶᠢᠮᠠᠭ ︵ᠬᠤᠲᠠ︶ ᠢ | ᠪᠠᠭᠲᠠᠭᠠᠵᠤ᠂ ᠲᠠᠷᠢᠶᠠᠨ ᠭᠠᠵᠠᠷ ᠢ ᠲᠡᠭᠰᠢᠯᠡᠨ ᠵᠠᠰᠠᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ︽ᠪᠣᠭᠤᠮᠢ︾ ᠪᠣᠯᠵᠣ ᠪᠠᠶᠢᠭ᠎ᠠ ᠭᠠᠩ ᠬᠠᠭᠰᠠᠷᠠᠭᠠᠨ ᠤ ᠠᠰᠠᠭᠤᠳᠠᠯ ᠢ ᠰᠢᠢᠳᠪᠦᠷᠢᠯᠡᠨ᠎ᠠ᠃ ᠬᠦᠭᠡᠨᠠᠭᠤᠷ ᠲᠦᠪᠡᠳ ᠤᠷᠤᠨ ᠨᠢ ᠲᠥᠪᠡᠳ᠂ | ᠬᠥᠬᠡᠨᠠᠭᠤᠷ 2 ᠮᠤᠵᠢ ︵ᠥᠪᠡᠷᠲᠡᠭᠡᠨ ᠵᠠᠰᠠᠬᠤ ᠣᠷᠣᠨ︶ ᠶᠢ ᠪᠠᠭᠲᠠᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠤᠨᠤᠭ ᠲᠥᠬᠦᠭᠡᠷᠦᠮᠵᠢ ᠶᠢ | ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠮᠠᠰᠢᠨ ᠮᠧᠬᠠᠨᠢᠭᠵᠢᠭᠤᠯᠤᠨ ᠠᠵᠢᠯᠯᠠᠬᠤ ᠨᠥᠬᠦᠴᠡᠯ ᠢ ᠰᠠᠶᠢᠵᠢᠷᠠᠭᠤᠯᠤᠨ᠎ᠠ᠃ ᠡᠯ᠎ᠡ ᠭᠠᠵᠠᠷ ᠤᠨ ᠬᠢᠨ ᠪᠦᠳᠦᠭᠡᠨ | ᠪᠠᠶᠢᠭᠤᠯᠤᠯᠳᠠ ᠶᠢ ᠨᠠᠷᠢᠯᠢᠭᠵᠢᠭᠤᠯᠵᠤ ᠤᠷᠤᠨ ᠬᠤᠪᠢᠶᠠᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠠᠷᠢᠶᠠᠨ ᠭᠠᠵᠠᠷ ᠤᠨ ᠦᠢᠯᠡᠳᠪᠦᠷᠢᠯᠡᠯ | ᠳᠤ ᠬᠠᠷᠰᠢ ᠰᠠᠭᠠᠳ ᠪᠤᠯᠵᠤ ᠪᠠᠶᠢᠭ᠎ᠠ ᠬᠦᠴᠦᠨ ᠵᠦᠢᠯ ᠢ ᠬᠠᠨᠳᠤᠯᠭᠠᠲᠤ ᠴᠢᠨᠠᠷᠲᠠᠶ ᠪᠠᠷ ᠰᠢᠢᠳᠪᠦᠷᠢᠯᠡᠬᠦ ᠬᠡᠷᠡᠭᠲᠡᠶ᠃ | ︵ᠲᠠᠪᠤ︶ ᠱᠠᠲᠤ ᠬᠤᠪᠢᠶᠠᠨ ᠲᠥᠯᠥᠪᠵᠢᠭᠦᠯᠬᠦ᠃ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ ᠲᠥᠯᠥᠪᠵᠢᠭᠦᠯᠭᠡ ᠶᠢᠨ ᠲᠥᠰᠦᠯ ᠤᠨ | ᠰᠢᠰᠲ᠋ᠧᠮ ᠢ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠥᠷᠨᠢᠭᠦᠯᠬᠦ ᠶᠢ ᠵᠢᠯᠣᠭᠤᠳᠤᠨ᠎ᠠ᠃ | ᠤᠯᠤᠰ ᠠᠴᠠ ᠶᠡᠷᠦᠩᠬᠡᠶ ᠲᠥᠯᠥᠪᠵᠢᠭᠦᠯᠭᠡ ᠶᠢᠨ ᠲᠥᠰᠦᠯ ᠢ ᠲᠣᠭᠲᠠᠭᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ᠂ ᠬᠦᠳᠡᠭᠡ | ᠠᠵᠤ ᠠᠬᠤᠢ ᠬᠥᠳᠡᠭᠡ ᠲᠣᠰᠬᠤᠨ ᠤ ᠶᠠᠮᠤᠨ ᠲᠣᠰ ᠲᠥᠰᠦᠯ ᠢ ᠦᠨᠳᠦᠰᠦᠯᠡᠨ ᠣᠷᠣᠨ ᠪᠠ ᠲᠥᠷᠥᠯ ᠬᠤᠪᠢᠶᠠᠨ ᠪᠥᠲᠥᠭᠡᠨ ᠪᠠᠶᠢᠭᠤᠯᠬᠤ ᠵᠦᠭᠯᠡᠭᠦᠷ ᠢ | ᠲᠣᠭᠲᠠᠭᠠᠨ᠎ᠠ᠃ ᠮᠤᠵᠢ ᠶᠢᠨ ᠱᠠᠲᠤᠨ ᠠᠴᠠ ᠲᠣᠰ ᠣᠷᠣᠨ ᠪᠦᠰᠡ ᠶᠢᠨ ᠲᠥᠯᠥᠪᠵᠢᠭᠦᠯᠭᠡ ᠶᠢᠨ ᠲᠥᠰᠦᠯ ᠢ ᠨᠡᠶᠢᠲᠡᠯᠡᠵᠦ᠂ ᠪᠥᠲᠥᠭᠡᠨ ᠪᠠᠶᠢᠭᠤᠯᠤᠯᠲᠠ ᠶᠢᠨ | ᠣᠷᠣᠨ ᠵᠠᠶ ᠶᠢᠨ ᠪᠠᠶᠢᠷᠢᠰᠢᠭᠤᠯᠤᠯᠲᠠ᠂ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠬᠤᠪᠢᠶᠠᠨ ᠨᠠᠶᠢᠳᠠᠪᠤᠷᠢᠵᠢᠭᠤᠯᠬᠤ ᠶᠢᠨ ᠵᠡᠷᠭᠡ ᠪᠠᠷ ᠬᠦᠳᠡᠭᠡ ᠠᠵᠤ | ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ | ᠡᠬᠢ ᠪᠠᠶᠠᠯᠢᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠳᠤ ᠬᠠᠭᠤᠯᠤᠨ ᠬᠦᠷᠭᠡᠨ᠎ᠡ᠃ ᠬᠤᠲᠠ ᠰᠢᠶᠠᠨ ᠤ ᠱᠠᠲᠤ ᠨᠢ ᠰᠢᠶᠠᠨ ᠤ ᠬᠡᠪᠴᠢᠶ᠎ᠡ ᠪᠠᠷ | ᠨᠢᠭᠡᠴᠢ ᠪᠣᠯᠭᠠᠨ ᠪᠣᠳᠠᠲᠠᠶ ᠬᠡᠷᠡᠭᠵᠢᠭᠦᠯᠬᠦ ᠲᠥᠰᠦᠯ ᠨᠡᠶᠢᠲᠡᠯᠡᠵᠦ᠂ ᠪᠦᠳᠦᠬᠡᠨ ᠪᠠᠶᠢᠭᠤᠯᠬᠤ ᠪᠠᠷ ᠪᠠᠶᠢᠭ᠎ᠠ ᠡᠭᠦᠷᠭᠡ᠂ ᠪᠥᠲᠥᠭᠡᠨ ᠪᠠᠶᠢᠭᠤᠯᠬᠤ ᠠᠭᠤᠯᠭ᠎ᠠ ᠪᠠ | ᠠᠵᠢᠯ ᠤᠨ ᠠᠬᠢᠴᠠ ᠶᠢᠨ ᠲᠣᠬᠢᠷᠠᠭᠤᠯᠤᠯᠲᠠ ᠶᠢ ᠲᠣᠳᠣᠷᠬᠠᠶᠢᠯᠠᠨ᠎ᠠ᠃ | ᠭᠤᠷᠪᠠ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ | ︵ᠵᠢᠷᠭᠤᠭ᠎ᠠ︶ ᠲᠥᠷᠥᠯ ᠵᠦᠢᠯ ᠤᠨ ᠭᠡᠷᠡᠭᠵᠢᠬᠦᠯᠤᠯᠳᠠ᠃ ᠡᠯ᠎ᠡ ᠭᠠᠵᠠᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡ ᠪᠠᠨ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠬᠡᠷᠡᠭᠲᠡᠶ᠃ ᠭᠤᠶᠤᠴᠢᠯᠠᠨ ᠮᠡᠳᠡᠭᠦᠯᠬᠦ ᠪᠠ ᠡᠬᠦᠷᠬᠡ ᠪᠠᠭᠤᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠣᠨ ᠤ ᠬᠠᠷᠠᠯᠲᠠ ᠶᠢᠨ | ᠡᠭᠦᠷᠭᠡ ᠪᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠲᠣᠭᠲᠠᠭᠠᠵᠤ᠂ ᠨᠢᠭᠡᠳᠦᠯᠲᠡᠶ ᠵᠠᠳᠠᠯᠵᠤ ᠲᠤᠷᠤᠬᠰᠢ ᠪᠠᠭᠤᠯᠭᠠᠨ᠎ᠠ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠡᠰ ᠳᠠᠷᠠᠭᠠᠯᠠᠯ ᠢ ᠵᠢᠷᠤᠮᠵᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠳᠠᠪᠬᠤᠷᠳᠠᠭᠤᠯᠤᠨ ᠬᠢᠨᠠᠨ ᠵᠥᠪᠰᠢᠶᠡᠷᠡᠬᠦ᠂ ᠣᠯᠠᠨ ᠲᠠᠯ᠎ᠠ ᠠᠴᠠ ᠬᠢᠨᠠᠨ ᠵᠥᠪᠰᠢᠶᠡᠷᠡᠬᠦ ᠠᠴᠠ ᠵᠠᠶᠢᠯᠠᠰᠭᠢᠨ᠎ᠠ᠃ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ | ᠬᠠᠷᠢᠭᠤᠴᠠᠯᠭ᠎ᠠ ᠶᠢᠨ ᠳᠦᠷᠢᠮ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ᠂ ᠢᠨᠵᠧᠨᠧᠷᠢᠩ ᠢ ᠬᠢᠨᠠᠨ ᠬᠠᠮᠢᠶᠠᠷᠬᠤ ᠳᠦᠷᠢᠮ᠂ ᠭᠡᠷ᠎ᠡ ᠶᠢ | ᠬᠠᠮᠢᠶᠠᠷᠬᠤ ᠳᠦᠷᠢᠮ᠂ ᠲᠥᠷᠥᠯ ᠵᠦᠢᠯ ᠢ ᠢᠯᠡ ᠨᠡᠶᠢᠲᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠢᠨᠵᠧᠨᠧᠷᠢᠩ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠰᠣᠩᠭᠤᠬᠤ᠂ ᠲᠥᠷᠥᠯ ᠵᠦᠢᠯ ᠲᠣᠭᠲᠠᠭᠠᠬᠤ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠪᠠᠷᠢᠬᠤ ᠵᠡᠷᠭᠡ ᠡᠯ᠎ᠡ ᠭᠤᠬᠴᠤᠭ᠎ᠠ ᠪᠣᠭᠤᠮᠲᠠ ᠶᠢ ᠴᠢᠩᠭ᠎ᠠ | ᠠᠳᠬᠤᠵᠤ᠂ ᠠᠵᠢᠯ ᠢ ᠳᠥᠭᠦᠮᠴᠢᠯᠡᠨ ᠮᠠᠲ᠋ᠧᠷᠢᠶᠠᠯ ᠢ ᠬᠠᠰᠤᠬᠤ᠂ ᠢᠨᠵᠧᠨᠧᠷᠢᠩ ᠤᠨ ᠠᠵᠢᠯ ᠢ ᠬᠤᠳᠠᠯ ᠬᠠᠭᠤᠷᠮᠠᠭ ᠢᠶᠠᠷ ᠵᠣᠬᠢᠶᠠᠬᠤ ᠵᠡᠷᠭᠡ ᠶᠠᠰᠤ ᠴᠢᠨᠠᠷ ᠤᠨ | ᠠᠰᠠᠭᠤᠳᠠᠯ ᠵᠢᠴᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠨ᠎ᠠ᠃ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠤᠯᠪᠤᠬᠳᠠᠯ ᠪᠥᠬᠦᠶ ᠨᠢᠭᠡᠴᠢ ᠶᠢᠨ ᠬᠢᠷᠢ ᠬᠡᠮ ᠤᠨ ᠨᠥᠬᠦᠴᠡᠯ | ᠱᠠᠭᠠᠷᠳᠠᠯᠭ᠎ᠠ ᠶᠢ ᠴᠢᠩᠳᠠᠯᠠᠵᠤ᠂ ᠬᠠᠤᠯᠢ ᠲᠣᠭᠲᠠᠭᠠᠯ ᠠᠴᠠ ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ ᠨᠢᠭᠡᠴᠢ ᠪᠠ ᠬᠤᠪᠢ | ᠬᠥᠮᠦᠨ ᠤ ᠣᠷᠣᠯᠴᠠᠬᠤ ᠶᠢ ᠬᠢᠵᠠᠭᠠᠷᠯᠠᠨ᠎ᠠ᠃ | ︵ᠳᠣᠯᠤᠭ᠎ᠠ︶ ᠪᠠᠯᠠ ᠮᠥᠩᠭᠦ ᠶᠢᠨ ᠬᠢᠨᠡᠯᠳᠠ ᠬᠠᠮᠢᠶᠠᠷᠤᠯᠳᠠ᠃ ᠡᠯ᠎ᠡ ᠭᠠᠵᠠᠷ ᠤᠨ ᠬᠢᠨ ᠲᠥᠰᠦᠪ ᠤᠨ ᠬᠠᠮᠢᠶᠠᠷᠤᠯᠲᠠ᠂ ᠡᠳ᠋ ᠤᠨ ᠵᠠᠰᠠᠭ ᠤᠨ | ᠤᠯᠤᠰ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠲᠦᠷᠢᠮ ᠲᠣᠭᠲᠠᠭᠠᠯ ᠢ ᠦᠨᠳᠦᠰᠦᠯᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ ᠶᠢ ᠴᠠᠭ ᠤᠨ ᠬᠢᠵᠠᠭᠠᠷ ᠶᠣᠰᠣᠭᠠᠷ ᠰᠠᠯᠭᠠᠨ ᠵᠠᠳᠠᠯᠵᠤ ᠪᠠᠭᠤᠯᠭᠠᠨ᠂ ᠬᠥᠮᠥᠷᠭᠡ ᠶᠢᠨ ᠵᠣᠭᠤᠰ ᠢ ᠵᠦᠶ ᠵᠣᠬᠢᠰᠲᠠᠶ | ᠳᠣᠭᠢᠷᠠᠭᠤᠯᠤᠨ᠂ ᠭᠡᠷ᠎ᠡ ᠳᠤ ᠪᠣᠯᠵᠤᠨ ᠲᠤᠬᠳᠠᠬᠰᠠᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠦᠨᠳᠦᠰᠦᠯᠡᠨ ᠥᠭᠴᠦ᠂ ᠪᠠᠯᠠ | ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠪᠡᠯᠡ ᠮᠥᠩᠭᠦ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ | ᠰᠡᠷᠡᠮᠵᠢᠯᠡᠭᠦᠯᠬᠦ ᠬᠢᠨᠠᠨ ᠡᠵᠡᠮᠳᠡᠬᠦ᠂ ᠲᠤᠰᠬᠠᠶ ᠬᠢᠨᠠᠨ ᠪᠠᠶᠢᠴᠠᠭᠠᠬᠤ ᠶᠢ ᠴᠢᠩᠭᠠᠳᠬᠠᠨ᠂ ᠲᠥᠰᠦᠪ ᠢ ᠴᠠᠭ ᠲᠤᠬᠠᠶ ᠳᠤᠨᠢ ᠪᠠᠭᠤᠯᠭᠠᠭᠰᠠᠨ ᠦᠭᠡᠶ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠤᠰᠤᠭᠠᠷ ᠥᠭᠭᠦᠭᠰᠡᠨ ᠦᠭᠡᠶ ᠵᠡᠷᠭᠡ ᠠᠰᠠᠭᠤᠳᠠᠯ ᠢ ᠴᠠᠭ ᠲᠤᠬᠠᠶ ᠳᠤᠨᠢ ᠰᠠᠨᠠᠭᠤᠯᠬᠤ ᠪᠠ ᠵᠠᠯᠠᠷᠠᠭᠤᠯᠵᠤ᠂ | ᠰᠢᠯᠵᠢᠬᠦᠯᠦᠨ ᠥᠭᠬᠦ ᠪᠠᠷ ᠵᠠᠷᠤᠯᠭ᠎ᠠ ᠶᠢ ᠣᠷᠣᠯᠠᠭᠤᠯᠬᠤ᠂ ᠮᠡᠬᠡᠯᠡᠨ ᠠᠪᠴᠤ ᠳᠤᠮᠳᠠ ᠠᠴᠠ ᠨᠢ ᠦᠯᠡᠳᠡᠭᠡᠬᠦ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠵᠡᠷᠭᠡ | ᠠᠰᠠᠭᠤᠳᠠᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠳᠡᠢ᠃ ᠡᠯ᠎ᠡ ᠮᠣᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠨᠢ | ᠰᠢᠶᠠᠨ ᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠰᠢᠶᠠᠩ ᠪᠠᠯᠭᠠᠰᠤᠨ ᠤ ᠤᠯᠤᠰ ᠤᠨ ᠬᠥᠮᠥᠷᠭᠡ ᠶᠢᠨ ᠳᠠᠩ ᠭᠠᠭᠴᠠ ᠳᠠᠩᠰᠠᠠ | ᠡᠷᠦᠬᠡ ᠶᠢᠨ ᠳᠣᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠶ ᠬᠤᠪᠢᠶᠠᠷᠢ ᠳᠠᠩᠰᠠᠠ | ᠡᠷᠦᠬᠡ ᠪᠠᠶᠢᠭᠤᠯᠵᠤ᠂ ᠲᠤᠰᠬᠠᠶ ᠳᠠᠩᠰᠠ ᠪᠠᠷ ᠬᠢᠨᠠᠨ ᠬᠠᠮᠢᠶᠠᠷᠬᠤ᠂ ᠲᠤᠰᠬᠠᠶ ᠳᠠᠩᠰᠠ ᠪᠠᠷ ᠰᠢᠯᠵᠢᠭᠦᠯᠦᠨ ᠥᠭᠬᠦ᠂ ᠲᠤᠰᠬᠠᠶ ᠳᠠᠩᠰᠠ ᠪᠠᠷ ᠢᠯᠭᠠᠷᠠᠭᠤᠯᠤᠨ | ᠪᠣᠳᠣᠬᠤ ᠶᠢ ᠪᠡᠶᠡᠯᠡᠭᠦᠯᠵᠦ᠂ ᠪᠡᠯᠡ ᠮᠥᠩᠭᠦ ᠶᠢ ᠦᠨᠡᠨ ᠬᠦ ᠲᠠᠷᠢᠶᠠᠨ ᠭᠠᠵᠠᠷ ᠲᠤ ᠬᠡᠷᠡᠭᠯᠡᠬᠦ ᠶᠢ ᠪᠠᠶᠠᠯᠡᠬᠦᠯᠵᠤ ᠪᠤᠯᠤᠨ᠎ᠠ᠃ | ︵ᠨᠠᠢᠮᠠ︶ ᠪᠠᠷᠢᠯᠭ᠎ᠠ ᠳᠠᠭᠤᠰᠬᠠᠵᠤ ᠰᠢᠯᠭᠠᠨ ᠠᠪᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠴᠠᠭ ᠲᠤᠬᠠᠶ ᠳᠤᠨᠢ ᠪᠠᠶᠢᠭᠤᠯᠵᠤ ᠳᠠᠭᠤᠰᠬᠠᠬᠤ ᠶᠢᠨ ᠵᠡᠷᠭᠡ ᠪᠠᠷ ᠪᠠᠷᠢᠯᠭ᠎ᠠ ᠳᠠᠭᠤᠰᠴᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ | ᠰᠢᠯᠭᠠᠨ ᠠᠪᠬᠤ ᠭᠤᠭᠴᠤᠭ᠎ᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠰᠢᠶᠠᠨ ᠤ ᠱᠠᠲᠤᠨ ᠤ ᠠᠩᠬᠠᠨ ᠤ ᠬᠢᠨᠠᠨ ᠰᠢᠯᠭᠠᠯᠲᠠ᠂ ᠬᠤᠲᠠ ᠶᠢᠨ ᠱᠠᠲᠤᠨ ᠠᠴᠠ | ᠰᠢᠯᠭᠠᠨ ᠠᠪᠬᠤ᠂ ᠮᠤᠵᠢ ᠶᠢᠨ ᠱᠠᠲᠤᠨ ᠠᠴᠠ ᠰᠤᠭᠤᠴᠢᠨ ᠪᠠᠶᠢᠴᠠᠭᠠᠬᠤ ᠲᠠᠰ ᠳᠠᠷᠠᠭᠠᠯᠠᠯ ᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠵᠢᠷᠤᠭ | ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ ᠴᠢᠳᠠᠪᠤᠷᠢ ᠪᠠ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠵᠢᠴᠢ ᠲᠤᠷᠰᠢᠨ ᠬᠡᠷᠡᠭᠯᠡᠬᠦ ᠦᠷ᠎ᠡ ᠳ᠋ᠦᠩ᠂ ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ ᠵᠡᠷᠭᠡ ᠶᠢ ᠪᠦᠲᠦᠮᠵᠢᠲᠡᠶ | ᠳᠡᠭᠡᠭᠰᠢᠯᠡᠭᠦᠯᠵᠦ ᠳᠡᠶᠢᠯᠬᠦ ᠡᠰᠡᠬᠦ ᠪᠠᠷ ᠰᠢᠯᠭᠠᠨ ᠠᠪᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠲᠥᠷᠥᠯ ᠵᠦᠢᠯ ᠢ ᠰᠢᠯᠭᠠᠨ ᠠᠪᠤᠬᠰᠡᠨ ᠤ ᠳᠠᠷᠠᠭ᠎ᠠ᠂ | ᠢᠨᠵᠧᠨᠧᠷᠢᠩ ᠤᠨ ᠲᠤᠨᠤᠭ ᠲᠦᠬᠦᠭᠡᠷᠤᠮᠵᠢ ᠶᠢᠨ ᠥᠮᠴᠢᠯᠡᠯ ᠤᠨ ᠡᠷᠬᠡ ᠶᠢ ᠴᠠᠭ ᠲᠤᠬᠠᠶ ᠳᠤᠨᠢ ᠲᠣᠳᠣᠷᠬᠠᠶᠢᠯᠠᠵᠤ᠂ ᠵᠠᠰᠠᠭ ᠤᠨ ᠣᠷᠳᠣᠨ ᠠᠴᠠ ᠪᠡᠯᠡ | ᠣᠷᠣᠭᠤᠯᠵᠤ ᠪᠤᠢ ᠪᠤᠯᠤᠬᠰᠠᠨ ᠡᠷᠬᠡ ᠶᠢ ᠵᠠᠷᠴᠢᠮ ᠳᠡᠭᠡᠷ᠎ᠡ ᠪᠠᠨ ᠲᠥᠷᠥᠯ ᠵᠦᠢᠯ ᠤᠨ ᠣᠷᠣᠨ ᠤ ᠭᠠᠵᠠᠷ ᠰᠢᠷᠣᠶ ᠶᠢᠨ ᠥᠮᠴᠢᠯᠡᠭᠴᠢ ᠳᠤ ᠥᠮᠴᠢᠯᠡᠭᠳᠡᠨᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | | ︵ᠶᠢᠰᠦ︶ ᠪᠦᠬᠦ ᠶᠠᠪᠤᠴᠠ ᠳᠤ ᠬᠢᠨᠠᠯᠲᠠ ᠲᠠᠯᠪᠢᠬᠤ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠲᠤ | ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠤᠨ | ᠶᠠᠰᠤ ᠴᠢᠨᠠᠷ ᠤᠨ ᠵᠤᠷᠰᠢᠯᠲᠤ ᠪᠠᠶᠢᠴᠠᠭᠠᠯᠲᠠ ᠶᠢᠨ ᠲᠦᠷᠢᠮ ᠢ ᠲᠤᠭᠳᠠᠭᠠᠵᠤ᠂ ᠤᠯᠤᠰ ᠪᠠ ᠮᠤᠵᠢ ᠶᠢᠨ ᠱᠠᠲᠤᠨ ᠳᠤ ᠪᠠᠶᠢᠩᠭᠤ ᠶᠢᠨ ᠰᠤᠭᠤᠴᠢᠨ | ᠪᠠᠶᠢᠴᠠᠭᠠᠯᠲᠠ ᠶᠢ ᠥᠷᠨᠢᠭᠦᠯᠦᠨ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠲᠡᠯᠢᠭ ᠠᠰᠠᠭᠤᠳᠠᠯ ᠢ ᠢᠯᠡ | ᠨᠡᠶᠢᠳᠡᠯᠡᠨ᠎ᠠ᠃ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ᠂ | ᠲᠠᠷᠢᠶᠠᠴᠢᠨ ᠤᠯᠠᠨ ᠲᠦᠮᠡᠨ ᠪᠠ ᠵᠠᠭᠤᠴᠢᠯᠠᠭᠤᠷ ᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ | ᠦᠢᠯᠡᠴᠢᠯᠡᠭᠡᠨ ᠤ ᠤᠲᠠᠰᠤ᠂ ︽ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠠᠭ ᠲᠤᠬᠠᠢ ᠳᠤᠨᠢ ᠰᠡᠬᠦᠳᠡᠷᠯᠡᠵᠤ ᠰᠢᠩᠭᠡᠭᠡᠬᠦ︾ ᠵᠢᠵᠢᠭ ᠫᠷᠤᠭ᠍ᠷᠠᠮ | ᠵᠡᠷᠭᠡ ᠬᠢᠨᠠᠯᠲᠠ ᠲᠠᠯᠪᠢᠬᠤ ᠠᠷᠭ᠎ᠠ ᠪᠠᠷᠢᠯ ᠢ ᠰᠠᠶᠢᠲᠤᠷ ᠬᠡᠷᠡᠭᠯᠡᠨ᠎ᠠ᠃ ᠪᠥᠬᠦ ᠤᠯᠤᠰ ᠤᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶᠢᠯᠡᠨ | ᠬᠢᠨᠠᠨ ᠬᠡᠮᠵᠢᠵᠦ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠨ᠂ ᠲᠥᠷᠥᠯ ᠵᠦᠢᠯ ᠢᠶᠠᠷ ᠲᠣᠭᠲᠠᠭᠠᠬᠤ᠂ ᠬᠡᠷᠡᠭᠵᠢᠭᠦᠯᠬᠦ᠂ ᠰᠢᠯᠭᠠᠨ ᠠᠪᠬᠤ᠂ ᠬᠡᠷᠡᠭᠯᠡᠬᠦ ᠵᠡᠷᠭᠡ | ᠡᠯ᠎ᠡ ᠱᠠᠲᠤ ᠦᠶ᠎ᠡ ᠶᠢᠨ ᠬᠤᠯᠪᠤᠬᠳᠠᠯ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠵᠢᠷᠤᠭ ᠪᠤᠯᠭᠠᠨ ᠬᠥᠮᠥᠷᠭᠡ ᠳᠤ ᠣᠷᠣᠭᠤᠯᠤᠨ᠂ ᠪᠥᠬᠦ ᠶᠠᠪᠤᠴᠠ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠬᠠᠮᠢᠶᠠᠷᠤᠯᠲᠠ ᠦᠢᠯᠡᠴᠢᠯᠡᠭᠡ ᠶᠢ | ᠴᠢᠩᠭᠠᠳᠬᠠᠵᠤ᠂ ᠠᠵᠢᠯ ᠡᠷᠭᠢᠯᠡᠬᠦ ᠭᠤᠤᠯ ᠴᠣᠭᠴᠠ ᠶᠢᠨ ᠬᠠᠤᠯᠢ ᠶᠣᠰᠣᠭᠠᠷ ᠠᠵᠢᠯ ᠲᠥᠷᠥᠯ ᠤᠨ ᠨᠡᠶᠢᠭᠡᠮᠯᠢᠭ ᠵᠡᠷᠭᠡ ᠦᠢᠯᠡᠴᠢᠯᠡᠭᠡ ᠪᠠ ᠥᠪᠡᠷ ᠢ ᠪᠠᠨ | ᠱᠠᠭᠠᠷᠳᠠᠬᠤ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠬᠥᠲᠥᠯᠦᠨ ᠵᠢᠯᠣᠭᠤᠳᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠠᠵᠢᠯ ᠡᠷᠭᠢᠯᠡᠬᠦ ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠵᠦ ᠢᠲᠡᠭᠡᠮᠵᠢ | ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠬᠤ ᠭᠡᠷᠡᠭᠳᠠᠢ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠬᠤᠯᠪᠤᠬᠳᠠᠯ ᠪᠦᠬᠦᠢ ᠬᠠᠤᠯᠢ ᠲᠣᠭᠲᠠᠭᠠᠯ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠶᠢ ᠠᠬᠢᠭᠤᠯᠤᠨ᠎ᠠ᠃ | ᠳᠥᠷᠪᠡ᠂ ᠡᠵᠡᠩᠨᠡᠨ ᠬᠠᠮᠢᠶᠠᠷᠴᠤ ᠬᠠᠮᠠᠭᠠᠯᠠᠬᠤ | ︵ᠠᠷᠪᠠ︶ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠭᠤᠤᠯ ᠴᠣᠭᠴᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠷᠢᠶ᠎ᠠ ᠭᠠᠵᠠᠷ ᠤᠨ | ᠡᠵᠡᠩᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠲᠤ ᠬᠤᠪᠢᠶᠠᠨ ᠪᠣᠳᠠᠲᠠᠶᠢᠵᠢᠭᠤᠯᠵᠤ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠳᠠ ᠶᠢᠨ ᠠᠭᠤᠯᠭ᠎ᠠ ᠪᠠ | ᠪᠠᠷᠢᠮᠵᠢᠶ᠎ᠠ ᠶᠢ ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠲᠤᠨᠤᠭ ᠲᠦᠬᠦᠭᠡᠷᠤᠮᠵᠢ ᠶᠢᠨ ᠰᠢᠶᠠᠨ ᠤ ᠱᠠᠲᠤᠨ ᠤ ᠵᠠᠰᠠᠭ ᠤᠨ ᠣᠷᠳᠣᠨ ᠨᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠤᠬᠳᠠᠯ ᠪᠥᠬᠦᠶ ᠠᠵᠢᠯ ᠲᠥᠷᠥᠯ ᠤᠨ ᠰᠠᠯᠠᠭ᠎ᠠ | ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠤᠰᠤᠯᠠᠯᠲᠠ ᠶᠢᠨ ᠤᠰᠤ ᠭᠠᠳᠠᠭᠰᠢᠯᠠᠭᠤᠯᠬᠤ᠂ ᠴᠠᠬᠢᠯᠭᠠᠨ ᠳᠠᠮᠵᠢᠭᠤᠯᠵᠤ | ᠲᠤᠬᠢᠷᠠᠭᠤᠯᠬᠤ ᠵᠡᠷᠭᠡ ᠢᠨᠵᠧᠨᠧᠷᠢᠩ ᠤᠨ ᠲᠤᠨᠤᠭ ᠲᠦᠬᠦᠭᠡᠷᠤᠮᠵᠢ ᠶᠢᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢ ᠬᠢᠨᠠᠨ ᠬᠠᠮᠢᠶᠠᠷᠬᠤ ᠪᠠ | ᠵᠢᠯᠣᠭᠤᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠭᠡᠷᠡᠭᠳᠠᠢ᠃ ᠬᠠᠷᠢᠭᠤᠴᠠᠯᠭ᠎ᠠ | ᠡᠷᠬᠡ ᠶᠢ ᠨᠢᠭᠡᠳᠦᠯᠲᠡᠶ ᠪᠠᠶᠢᠯᠭᠠᠬᠤ᠂ ᠬᠠᠷᠢᠭᠤᠴᠠᠯᠭ᠎ᠠ ᠴᠢᠳᠠᠪᠤᠷᠢ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠰᠢᠶᠠᠩ ᠪᠠᠯᠭᠠᠰᠤ ᠶᠢᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠵᠢᠯᠯᠠᠭᠠᠨ ᠢ ᠬᠠᠮᠢᠶᠠᠷᠴᠤ | ᠬᠠᠮᠠᠭᠠᠯᠠᠬᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠢ ᠲᠣᠳᠣᠷᠬᠠᠶᠢᠯᠠᠨ᠎ᠠ᠃ ᠲᠠᠷᠢᠶᠠᠨ ᠭᠠᠵᠠᠷ ᠲᠠᠬᠢ ᠡᠳᠦᠷ ᠲᠤᠲᠤᠮ ᠤᠨ | ᠬᠡᠷᠡᠭᠯᠡᠬᠦ ᠨᠣᠷᠮ᠎ᠠ ᠪᠠᠷ ᠥᠨᠳᠥᠷ ᠪᠠᠶᠢᠳᠠᠭ ᠲᠠᠷᠢᠶᠠᠨ ᠭᠠᠵᠠᠷ ᠤᠨ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠲᠤᠨᠤᠭ ᠲᠦᠬᠦᠭᠡᠷᠤᠮᠵᠢ ᠳᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠪᠡᠶ᠎ᠡ ᠪᠠᠨ ᠳᠠᠭᠠᠭᠠᠵᠤ ᠪᠡᠯᠡ ᠤᠷᠤᠭᠤᠯᠵᠤ ᠪᠠᠯᠠ ᠴᠤᠭᠯᠠᠭᠤᠯᠬᠤ᠂ ᠦᠢᠯᠡᠴᠢᠯᠡᠭᠡ | ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠡᠳᠦᠷ ᠲᠤᠲᠤᠮ ᠤᠨ ᠡᠵᠡᠩᠨᠡᠵᠤ ᠬᠠᠮᠢᠶᠠᠷᠤᠠ ᠬᠠᠮᠠᠭᠠᠯᠠᠬᠤ ᠶᠢ ᠳᠡᠮᠵᠢᠨ᠎ᠠ᠃ ᠡᠵᠡᠩᠨᠡᠯᠳᠠ | ᠬᠠᠮᠢᠶᠠᠷᠤᠯᠳᠠ ᠬᠠᠮᠠᠭᠠᠯᠠᠯᠳᠠ ᠶᠢᠨ ᠠᠵᠢᠯᠲᠠᠨ ᠳᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠬᠤ᠂ ᠪᠣᠯᠪᠠᠰᠤᠷᠠᠯ ᠬᠦᠷᠳᠡᠬᠡᠬᠦ ᠦᠢᠯᠡᠴᠢᠯᠡᠭᠡ ᠪᠠ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ | ︵ᠠᠷᠪᠠᠨ ᠨᠢᠭᠡ︶ ᠡᠵᠡᠩᠨᠡᠯᠳᠠ ᠬᠠᠮᠢᠶᠠᠷᠤᠯᠳᠠ ᠬᠠᠮᠠᠭᠠᠯᠠᠯᠳᠠ ᠶᠢᠨ ᠵᠠᠭᠪᠤᠷ᠃ ᠡᠯ᠎ᠡ ᠭᠠᠵᠠᠷ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠵᠠᠭᠪᠤᠷ ᠢ ᠰᠦᠪᠡᠭᠴᠢᠯᠡᠵᠦ ᠪᠣᠯᠤᠨ᠎ᠠ᠃ ᠵᠠᠰᠠᠭ ᠤᠨ ᠣᠷᠳᠣᠨ ᠠᠴᠠ | ᠦᠢᠯᠡᠴᠢᠯᠡᠭᠡ ᠬᠤᠳᠠᠯᠳᠤᠨ ᠠᠪᠬᠤ ᠪᠤᠶᠤ ᠠᠵᠢᠯ ᠲᠥᠷᠥᠯ ᠤᠨ ᠪᠠᠶᠢᠭᠤᠯᠤᠮᠵᠢ ᠳᠤ ᠨᠠᠶᠢᠳᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠤᠰᠤᠨ ᠬᠠᠭᠠᠯᠲᠠ᠂ | ᠬᠥᠭᠡᠷᠭᠡ ᠶᠢᠨ ᠥᠷᠲᠡᠭᠡ᠂ ᠴᠠᠬᠢᠯᠭᠠᠨ ᠬᠦᠴᠦᠨ ᠤ ᠲᠤᠨᠤᠭ ᠲᠦᠬᠦᠭᠡᠷᠤᠮᠵᠢ ᠵᠡᠷᠭᠡ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠲᠤᠨᠤᠭ | ᠲᠥᠬᠦᠭᠡᠷᠦᠮᠵᠢ ᠳᠤ ᠲᠤᠰᠬᠠᠶᠢᠵᠢᠭᠰᠠᠨ ᠬᠠᠮᠠᠭᠠᠯᠠᠯᠲᠠ ᠬᠢᠬᠦ ᠶᠢ ᠵᠣᠷᠢᠭᠵᠢᠭᠤᠯᠤᠨ᠎ᠠ᠃ ᠢᠨᠵᠧᠨᠧᠷᠢᠩ ᠤᠨ ᠶᠠᠰᠤ ᠴᠢᠨᠠᠷ ᠤᠨ ᠳᠠᠭᠠᠳᠬᠠᠯ ᠳᠤ ᠤᠷᠤᠬᠤ ᠶᠢ | ᠵᠣᠷᠢᠭᠵᠢᠭᠤᠯᠤᠨ᠂ ᠳᠠᠭᠠᠳᠬᠠᠯ ᠢ ᠳᠠᠭᠠᠭᠠᠴᠢᠯᠠᠭᠰᠠᠨ ᠪᠠᠶᠢᠭᠤᠯᠤᠮᠵᠢ ᠠᠴᠠ ᠲᠤᠰᠬᠠᠶ ᠬᠦᠴᠦᠨ ᠢ ᠵᠣᠬᠢᠶᠠᠨ ᠪᠠᠶᠢᠭᠤᠯᠤᠨ ᠵᠢᠷᠤᠭᠯᠠᠨ ᠲᠥᠯᠥᠪᠯᠡᠬᠦ᠂ ᠪᠠᠷᠢᠯᠭ᠎ᠠ | ᠪᠠᠷᠢᠬᠤ᠂ ᠬᠢᠨᠠᠨ ᠬᠠᠮᠢᠶᠠᠷᠬᠤ ᠵᠡᠷᠭᠡ ᠭᠤᠣᠯ ᠴᠣᠭᠴᠠ ᠳᠤ ᠬᠢᠨᠠᠯᠲᠠ ᠲᠠᠯᠪᠢᠬᠤ ᠶᠢ ᠳᠡᠮᠵᠢᠵᠦ᠂ ᠢᠨᠵᠧᠨᠧᠷᠢᠩ ᠤᠨ ᠶᠠᠰᠤ ᠴᠢᠨᠠᠷ ᠤᠨ ᠲᠦᠭᠰᠢᠭᠦᠷᠢ ᠶᠢ | ᠰᠡᠷᠭᠡᠶᠢᠯᠡᠨ᠂ ᠢᠨᠵᠧᠨᠧᠷᠢᠩ ᠤᠨ ᠡᠵᠡᠩᠨᠡᠯᠳᠠ ᠬᠠᠮᠢᠶᠠᠷᠤᠯᠳᠠ ᠬᠠᠮᠠᠭᠠᠯᠠᠯᠳᠠ ᠶᠢᠨ ᠠᠰᠠᠭᠤᠳᠠᠯ ᠳᠤ ᠴᠠᠭ ᠲᠤᠬᠠᠢ ᠳᠤᠨᠢ ᠲᠦᠯᠦᠪᠤᠷᠢ ᠦᠭᠬᠦᠨ ᠰᠢᠢᠳᠪᠦᠷᠢᠯᠡᠨ᠎ᠡ | ᠃ | ︵ᠠᠷᠪᠠᠨ ᠬᠤᠶᠠᠷ︶ ᠬᠠᠮᠠᠭᠠᠯᠠᠵᠤ ᠠᠰᠢᠭᠯᠠᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠩᠭ᠎ᠠ ᠬᠠᠮᠠᠭᠠᠯᠠᠵᠤ᠂ ᠳᠤᠷ᠎ᠠ ᠪᠠᠷ ᠢᠶᠠᠨ ᠡᠵᠡᠯᠡᠨ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠡᠵᠡᠯᠡᠨ ᠬᠡᠷᠡᠭᠯᠡᠬᠦ ᠶᠢ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠪᠣᠯ᠂ ᠡᠯ᠎ᠡ ᠭᠠᠵᠠᠷ ᠤᠨ ᠬᠢᠨ ᠨᠥᠬᠦᠵᠦ ᠪᠦᠳᠦᠬᠡᠨ | ᠪᠠᠶᠢᠭᠤᠯᠬᠤ ᠶᠠᠪᠤᠳᠠᠯ ᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠶᠢ ᠨᠢ ᠪᠠᠭᠠᠰᠬᠠᠬᠤ ᠦᠭᠡᠶ᠂ ᠶᠠᠰᠤ ᠴᠢᠨᠠᠷ ᠢ ᠨᠢ ᠪᠠᠭᠤᠷᠠᠭᠤᠯᠬᠤ ᠦᠭᠡᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠭᠡᠳ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠲᠤᠨᠤᠭ ᠲᠦᠬᠦᠭᠡᠷᠦᠮᠵᠢ ᠶᠢ ᠡᠪᠳᠡᠨ ᠰᠦᠢᠳᠭᠡᠵᠦ ᠪᠣᠯᠬᠤ ᠥᠬᠡᠶ᠂ ᠭᠠᠮᠰᠢᠭ ᠠᠴᠠ ᠪᠣᠯᠵᠣ ᠡᠪᠳᠡᠭᠳᠡᠭᠰᠡᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠣᠨ ᠤ ᠥᠭᠡᠷᠡᠴᠢᠯᠡᠨ ᠰᠠᠶᠢᠵᠢᠷᠠᠭᠤᠯᠵᠤ ᠪᠥᠲᠥᠭᠡᠨ ᠪᠠᠶᠢᠭᠤᠯᠬᠤ ᠡᠭᠦᠷᠭᠡ ᠳᠤ ᠣᠷᠣᠭᠤᠯᠤᠨ ᠴᠠᠭ ᠲᠤᠬᠠᠶ ᠳᠤᠨᠢ ᠰᠡᠯᠪᠢᠨ ᠰᠡᠷᠭᠦᠭᠡᠬᠦ ᠪᠤᠶᠤ | ᠨᠥᠬᠦᠵᠦ ᠪᠦᠳᠦᠬᠡᠨ ᠪᠠᠶᠢᠭᠤᠯᠬᠤ ᠬᠡᠷᠡᠭᠲᠡᠶ᠃ ᠲᠠᠷᠢᠶᠠᠨ ᠭᠠᠵᠠᠷ ᠤᠨ ᠨᠡᠮᠡᠯᠲᠡ ᠪᠣᠷᠲᠣᠭᠤᠷ ᠪᠠ ᠶᠠᠰᠤ ᠴᠢᠨᠠᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ | ᠭᠠᠵᠠᠷ ᠤᠨ ᠬᠦᠴᠤ ᠰᠢᠮ᠎ᠡ ᠮᠠᠭᠤᠳᠠᠬᠤ ᠶᠢ ᠰᠡᠷᠭᠡᠶᠢᠯᠡᠨ᠎ᠡ᠃ ᠪᠣᠬᠢᠷ ᠤᠰᠤ᠂ ᠠᠮᠢᠳᠤᠷᠠᠯ ᠤᠨ ᠬᠤᠭ ᠨᠣᠪᠰᠢ᠂ ᠠᠵᠤ ᠦᠢᠯᠡᠳᠪᠦᠷᠢ ᠶᠢᠨ ᠬᠠᠶᠠᠭᠳᠠᠮᠠᠯ ᠡᠳ᠋ | ᠵᠡᠷᠭᠡ ᠶᠢ ᠭᠠᠳᠠᠭᠰᠢᠯᠠᠭᠤᠯᠬᠤ᠂ ᠴᠢᠳᠬᠤᠬᠤ᠂ ᠲᠠᠷᠢᠶᠠᠨ ᠭᠠᠵᠠᠷ ᠲᠤ ᠬᠠᠳᠠᠭᠠᠯᠠᠨ ᠲᠠᠯᠪᠢᠬᠤ ᠶᠢ ᠴᠢᠩᠭ᠎ᠠ ᠴᠠᠭᠠᠵᠠᠯᠠᠨ᠎ᠠ᠃ | ᠲᠠᠪᠤ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ | ︵ᠠᠷᠪᠠᠨ ᠭᠤᠷᠪᠠ︶ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ ᠨᠥᠬᠦᠪᠥᠷᠢᠯᠡᠨ ᠬᠤᠪᠢᠶᠠᠷᠢᠯᠠᠬᠤ ᠲᠣᠬᠢᠷᠠᠭᠤᠯᠤᠯᠲᠠ᠃ | ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠥᠬᠦᠪᠥᠷᠢᠯᠡᠨ | ᠬᠤᠪᠢᠶᠠᠷᠢᠯᠠᠬᠤ᠂ ᠲᠣᠬᠢᠷᠠᠭᠤᠯᠬᠤ ᠶᠠᠪᠤᠴᠠ ᠶᠢ ᠲᠡᠭᠦᠯᠳᠡᠷᠵᠢᠭᠦᠯᠦᠨ᠎ᠡ᠃ ᠡᠬᠢ ᠪᠠᠶᠠᠯᠢᠭ ᠤᠨ ᠳᠠᠪᠠᠭᠤᠯᠢᠭ ᠢᠶᠠᠷ ᠰᠠᠶᠢᠨ᠂ ᠦᠢᠯᠡᠳᠪᠦᠷᠢᠯᠡᠯ ᠤᠨ ᠳᠠᠯᠳᠠ | ᠬᠦᠴᠦᠨ ᠢᠶᠠᠷ ᠶᠡᠭᠡ᠂ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ ᠬᠡᠪᠴᠢᠶᠡᠨ ᠳᠤ ᠪᠠᠶᠢᠬᠤ ᠥᠬᠡᠶ ᠲᠠᠷᠢᠶᠠᠨ ᠭᠠᠵᠠᠷ ᠳᠡᠭᠡᠷ᠎ᠡ | ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ | ᠭᠠᠵᠠᠷ ᠪᠣᠯᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠷ ᠲᠣᠭᠲᠠᠭᠠᠬᠤ ᠨᠥᠬᠦᠴᠡᠯ ᠳᠤ | ᠨᠡᠶᠢᠴᠡᠬᠦ ᠥᠬᠡᠶ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠲᠦᠷ ᠬᠤᠶᠢᠰᠢᠯᠠᠭᠤᠯᠤᠨ ᠪᠥᠲᠥᠭᠡᠨ ᠪᠠᠶᠢᠭᠤᠯᠤᠨ᠎ᠠ᠃ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠦᠨᠡᠯᠡᠵᠦ ᠲᠣᠬᠢᠷᠠᠭᠤᠯᠬᠤ ᠲᠠᠢ ᠤᠶᠠᠯᠳᠤᠭᠤᠯᠤᠨ᠂ ᠢᠯᠭᠠᠨ ᠲᠣᠭᠲᠠᠭᠠᠬᠤ ᠱᠠᠭᠠᠷᠳᠠᠯᠭ᠎ᠠ ᠳᠤ ᠨᠡᠶᠢᠴᠡᠬᠦ | ᠥᠬᠡᠶ ᠬᠡᠰᠡᠭ ᠭᠠᠵᠠᠷ ᠢ ᠬᠠᠤᠯᠢ ᠶᠣᠰᠣᠭᠠᠷ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠠᠴᠠ ᠰᠢᠯᠵᠢᠭᠦᠯᠦᠨ ᠭᠠᠷᠭᠠᠨ᠎ᠠ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠳᠤ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ | ᠲᠠᠷᠢᠶᠠᠨ ᠭᠠᠵᠠᠷ ᠤᠨ ᠰᠠᠭᠤᠷᠢ ᠲᠦᠬᠦᠭᠡᠷᠦᠮᠵᠢ ᠠᠴᠠ ᠪᠣᠯᠵᠣ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠪᠠᠭ᠎ᠠ ᠬᠡᠮᠵᠢᠶ᠎ᠡ ᠪᠠᠷ ᠡᠵᠡᠯᠡᠨ | ᠬᠡᠷᠡᠭᠯᠡᠬᠦ ᠴᠢᠬᠤᠯᠠᠲᠠᠶ ᠪᠠᠶᠢᠪᠠᠯ᠂ ᠪᠥᠲᠥᠭᠡᠨ ᠪᠠᠶᠢᠭᠤᠯᠬᠤ ᠠᠴᠠ ᠡᠮᠦᠨ᠎ᠡ ᠪᠠ ᠬᠤᠶᠢᠨᠠᠬᠢ ᠲᠥᠷᠥᠯ ᠵᠦᠢᠯ ᠤᠨ ᠣᠷᠣᠨ ᠤ ᠳᠣᠲᠣᠷᠠᠬᠢ ᠲᠠᠷᠢᠶᠠᠨ ᠭᠠᠵᠠᠷ ᠤᠨ | ᠲᠠᠯᠠᠪᠠᠶ ᠶᠢ ᠵᠠᠷᠴᠢᠮ ᠳᠡᠭᠡᠷ᠎ᠡ ᠪᠠᠨ ᠪᠠᠭᠠᠰᠬᠠᠵᠤ ᠪᠣᠯᠬᠤ ᠥᠬᠡᠶ᠂ ᠦᠨᠡᠬᠡᠷ ᠪᠠᠭ᠎ᠠ ᠬᠡᠮᠵᠢᠶ᠎ᠡ ᠪᠠᠷ ᠪᠠᠭᠠᠰᠬᠠᠬᠤ ᠴᠢᠬᠤᠯᠠᠲᠠᠶ ᠪᠠᠶᠢᠪᠠᠯ᠂ ᠰᠢᠶᠠᠨ ᠤ ᠱᠠᠲᠤᠨ ᠤ | ᠵᠠᠰᠠᠭ ᠤᠨ ᠣᠷᠳᠣᠨ ᠠᠴᠠ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ ᠲᠣᠬᠢᠷᠠᠭᠤᠯᠤᠯᠲᠠ ᠬᠢᠵᠦ ᠨᠥᠬᠦᠪᠥᠷᠢᠯᠡᠨ ᠬᠤᠪᠢᠶᠠᠷᠢᠯᠠᠬᠤ | ᠲᠥᠰᠦᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠲᠣᠭᠲᠠᠭᠠᠯ | ᠶᠣᠰᠣᠭᠠᠷ ᠳᠠᠩᠰᠠᠯᠠᠭᠤᠯᠬᠤ ᠲᠠᠰ ᠳᠠᠷᠠᠭᠠᠯᠠᠯ ᠢ ᠭᠦᠢᠴᠡᠳᠭᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠲᠠᠷᠢᠶᠠᠨ | ᠭᠠᠵᠠᠷ ᠤᠨ ᠰᠠᠭᠤᠷᠢ ᠲᠦᠬᠦᠭᠡᠷᠦᠮᠵᠢ ᠶᠢᠨ ᠶᠣᠰᠣᠭᠠᠷ ᠭᠠᠵᠠᠷ ᠰᠢᠷᠦᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠡᠪᠴᠢᠶᠡᠨ ᠳᠤ ᠣᠷᠣᠭᠤᠯᠬᠤ ᠥᠬᠡᠶ᠃ | ︵ᠠᠷᠪᠠᠨ ᠳᠥᠷᠪᠡ︶ ᠤᠰᠤᠨ ᠤ ᠡᠬᠢ ᠪᠠᠶᠠᠯᠢᠭ ᠢ ᠢᠵᠢ ᠪᠦᠷᠢᠳᠦᠭᠦᠯᠬᠦ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ ᠤᠰᠤᠯᠠᠯᠲᠠ ᠶᠢᠨ | ᠣᠷᠣᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠦᠨ᠎ᠡ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠤᠰᠤᠨ ᠤ | ᠬᠡᠮᠵᠢᠶ᠎ᠡ ᠪᠠᠷ ᠬᠢᠬᠦ ᠶᠢ ᠪᠠᠷᠢᠮᠲᠠᠯᠠᠨ᠂ ᠤᠰᠤ ᠪᠠᠷ ᠭᠠᠵᠠᠷ ᠰᠢᠷᠣᠶ ᠶᠢ ᠲᠣᠭᠲᠠᠭᠠᠵᠤ᠂ ᠤᠰᠤᠯᠠᠯᠲᠠ ᠶᠢᠨ ᠬᠥᠭᠵᠢᠯᠲᠡ ᠶᠢᠨ ᠬᠡᠪᠴᠢᠶ᠎ᠡ ᠵᠢᠴᠢ | ᠪᠠᠶᠢᠷᠢᠰᠢᠭᠤᠯᠤᠯᠳᠠ ᠶᠢ ᠵᠦᠶ ᠵᠣᠬᠢᠰᠲᠠᠶ ᠲᠣᠭᠲᠠᠭᠠᠨ᠂ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠯᠤᠭ᠎ᠠ ᠬᠠᠷᠢᠯᠴᠠᠨ ᠲᠣᠬᠢᠷᠠᠯᠴᠠᠭᠤᠯᠤᠨ᠎ᠠ᠃ | ᠠᠳᠠᠯᠢ ᠪᠤᠰᠤ ᠲᠥᠷᠥᠯ ᠬᠡᠯᠪᠡᠷᠢ ᠶᠢᠨ ᠤᠰᠤᠨ ᠰᠤᠷᠪᠤᠯᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ ᠡᠮᠬᠢ | ᠵᠢᠷᠤᠮ ᠲᠠᠢ ᠪᠠᠷ ᠠᠬᠢᠭᠤᠯᠵᠤ᠂ ᠲᠠᠷᠢᠶᠠᠨ ᠭᠠᠵᠠᠷ ᠤᠨ ᠪᠠᠷᠢᠯᠭ᠎ᠠ ᠬᠢᠭᠡᠳ ᠤᠰᠤᠨ ᠰᠤᠷᠪᠤᠯᠵᠢ ᠶᠢᠨ ᠪᠠᠷᠢᠯᠭ᠎ᠠ᠂ ᠭᠤᠣᠯ ᠤᠰᠤᠨ ᠠᠰᠢᠭᠯᠠᠯᠲᠠ ᠶᠢᠨ | ᠪᠠᠷᠢᠯᠭ᠎ᠠ ᠶᠢ ᠢᠵᠢ ᠪᠦᠷᠢᠳᠦᠭᠦᠯᠬᠦ ᠶᠢ ᠴᠢᠩᠭᠠᠳᠬᠠᠨ᠎ᠠ᠃ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ | ᠪᠦᠷᠢᠳᠦᠭᠦᠯᠬᠦ ᠵᠢᠴᠢ ᠣᠳᠣᠬᠢᠴᠢᠯᠠᠯᠳᠠ ᠶᠢᠨ ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠵᠤ᠂ ᠬᠥᠷᠥᠰᠥ ᠰᠢᠷᠣᠶ ᠶᠢᠨ ᠡᠬᠢ ᠪᠠᠶᠠᠯᠢᠭ ᠤᠨ ᠨᠥᠬᠦᠴᠡᠯ ᠢᠶᠠᠷ | ᠲᠣᠬᠢᠷᠠᠮᠵᠢᠲᠠᠶ ᠭᠠᠵᠠᠷ ᠣᠷᠣᠨ ᠳᠤ ᠨᠢᠭᠡ ᠪᠦᠯᠦᠭ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠤᠨ᠎ᠠ᠃ ᠲᠠᠷᠢᠶᠠᠨ ᠭᠠᠵᠠᠷ ᠤᠨ | ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠲᠠᠷᠢᠶᠠᠨ ᠭᠠᠵᠠᠷ ᠤᠨ | ᠤᠰᠤᠯᠠᠯᠲᠠ ᠶᠢᠨ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠠᠷᠪᠠᠨ ᠲᠠᠪᠤ︶ ᠪᠡᠯᠡ ᠮᠥᠩᠭᠦ ᠣᠷᠣᠭᠤᠯᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ | ᠬᠠᠮᠢᠶᠠᠷᠤᠯᠲᠠ ᠬᠠᠮᠠᠭᠠᠯᠠᠯᠲᠠ ᠶᠢᠨ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠡᠴᠡ ᠶᠢ ᠪᠦᠷᠢᠨᠰᠢᠭᠦᠯᠦᠨ᠎ᠡ᠃ ᠲᠥᠪ ᠤᠨ ᠪᠠ ᠣᠷᠣᠨ ᠨᠤᠲᠤᠭ ᠤᠨ | ᠵᠠᠰᠠᠭ ᠤᠨ ᠣᠷᠳᠣᠨ ᠬᠠᠮᠲᠤ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ᠂ | ᠮᠤᠵᠢ ᠶᠢᠨ ᠱᠠᠲᠤᠨ ᠤ ᠵᠠᠰᠠᠭ ᠤᠨ ᠣᠷᠳᠣᠨ ᠣᠷᠣᠨ ᠨᠤᠲᠤᠭ ᠤᠨ ᠣᠷᠣᠭᠤᠯᠤᠯᠲᠠ ᠶᠢᠨ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ᠃ ᠣᠷᠣᠨ ᠨᠤᠲᠤᠭ ᠤᠨ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠤᠬᠢᠷᠠᠭᠤᠯᠵᠤ ᠪᠠᠶᠢᠭᠠᠳ ᠨᠥᠬᠦᠴᠡᠯ ᠳᠤ ᠨᠡᠶᠢᠴᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠳᠦᠭᠡᠨ ᠪᠠᠶᠢᠭᠤᠯᠤᠯᠲᠠ ᠶᠢ ᠳᠡᠮᠵᠢᠬᠦ ᠶᠢ ᠵᠥᠪᠰᠢᠶᠡᠷᠡᠨ᠎ᠡ᠃ ᠵᠠᠰᠠᠭ ᠤᠨ ᠣᠷᠳᠣᠨ ᠤ ᠣᠷᠣᠭᠤᠯᠤᠯᠲᠠ ᠶᠢ ᠬᠥᠲᠥᠯᠥᠨ ᠵᠢᠯᠣᠭᠤᠳᠬᠤ ᠪᠠ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠥᠬᠡᠶ ᠤᠷᠢᠲᠠᠯ | ᠳᠤᠤᠷ᠎ᠠ᠂ ᠵᠢᠭᠡᠯᠡᠯᠭᠡ ᠶᠢᠨ ᠬᠦᠦ ᠮᠦᠩᠬᠦ ᠶᠢᠨ ᠨᠦᠬᠦᠪᠦᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠮᠥᠩᠭᠦᠨ ᠭᠦᠢᠯᠭᠡᠭᠡᠨ᠂ ᠨᠡᠶᠢᠭᠡᠮ ᠤᠨ ᠪᠠᠯᠠ | ᠣᠷᠣᠭᠤᠯᠤᠯᠲᠠ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠵᠡᠷᠭᠡ ᠶᠢᠨ ᠪᠠᠯᠠ ᠣᠷᠣᠭᠤᠯᠵᠤ ᠪᠦᠳᠦᠬᠡᠨ ᠪᠠᠶᠢᠭᠤᠯᠬᠤ ᠶᠢ | ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠬᠤ ᠶᠢ ᠰᠦᠪᠡᠭᠴᠢᠯᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ | ᠨᠡᠶᠢᠴᠡᠬᠦ᠂ ᠲᠦᠭᠰᠢᠭᠦᠷᠢ ᠶᠢ ᠡᠵᠡᠮᠳᠡᠵᠦ ᠪᠣᠯᠬᠤ ᠤᠷᠢᠲᠠᠯ ᠳᠤᠤᠷ᠎ᠠ᠂ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠪᠠᠷ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠳᠡᠮᠵᠢᠬᠦ ᠶᠢ ᠴᠢᠩᠭᠠᠳᠬᠠᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ | ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠣᠯᠠᠨ ᠠᠷᠭ᠎ᠠ ᠵᠠᠮ ᠢᠶᠠᠷ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠵᠠᠷᠤᠳᠠᠯ ᠢ ᠴᠤᠭᠯᠠᠭᠤᠯᠤᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠵᠢᠷᠭᠤᠭ᠎ᠠ︶ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ | ᠮᠤᠵᠢ ᠠᠴᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ᠂ ᠤᠯᠠᠨ ᠲᠦᠮᠡᠨ ᠣᠷᠣᠯᠴᠠᠬᠤ | ᠠᠵᠢᠯ ᠤᠨ ᠲᠣᠭᠲᠡᠴᠡ ᠶᠢ ᠬᠡᠷᠡᠭᠵᠢᠭᠦᠯᠦᠨ᠎ᠡ᠃ ᠲᠥᠪ ᠤᠨ ᠲᠠᠪᠬᠤᠷᠭ᠎ᠠ ᠠᠴᠠ ᠲᠦᠷᠢᠮ ᠤᠨ ᠵᠢᠷᠤᠭ ᠲᠥᠯᠥᠪᠯᠡᠭᠡ᠂ ᠶᠡᠷᠦᠩᠬᠡᠶ ᠲᠥᠯᠥᠪᠵᠢᠭᠦᠯᠭᠡ᠂ ᠨᠡᠶᠢᠳᠡᠮ | ᠬᠡᠷᠡᠭᠯᠡᠬᠦ ᠪᠠᠷᠢᠮᠵᠢᠶ᠎ᠠ ᠶᠢ ᠲᠣᠭᠲᠠᠭᠠᠬᠤ᠂ ᠣᠷᠣᠭᠤᠯᠤᠯᠲᠠ ᠶᠢᠨ ᠲᠣᠬᠢᠷᠠᠭᠤᠯᠤᠯᠲᠠ᠂ ᠵᠢᠯᠣᠭᠤᠳᠣᠯᠭ᠎ᠠ ᠬᠢᠨᠠᠯᠲᠠ ᠲᠠᠯᠪᠢᠬᠤ ᠵᠡᠷᠭᠡ ᠬᠤᠷᠸ᠎ᠠ ᠬᠠᠮᠢᠶᠠᠷᠤᠯᠲᠠ ᠶᠢᠨ | ᠠᠵᠢᠯ ᠢ ᠴᠢᠩᠭᠠᠳᠬᠠᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ᠂ ᠪᠠᠯᠠ ᠮᠥᠩᠭᠦ ᠴᠤᠭᠯᠠᠭᠤᠯᠬᠤ᠂ | ᠪᠥᠲᠥᠭᠡᠨ ᠪᠠᠶᠢᠭᠤᠯᠤᠯᠲᠠ ᠶᠢᠨ ᠠᠬᠢᠴᠠ᠂ ᠪᠠᠷᠢᠯᠭ᠎ᠠ ᠶᠢᠨ ᠶᠠᠰᠤ ᠴᠢᠨᠠᠷ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠶᠡᠷᠦᠩᠬᠡᠶ ᠬᠠᠷᠢᠭᠤᠴᠠᠯᠭ᠎ᠠ | ᠡᠭᠦᠷᠭᠡᠯᠡᠵᠦ᠂ ᠲᠤᠰᠬᠠᠶ ᠣᠷᠣᠨ ᠤ ᠲᠡᠰ ᠤᠨ ᠬᠤᠳᠠ ᠶᠢᠨ ᠵᠠᠰᠠᠭ ᠤᠨ ᠣᠷᠳᠣᠨ ᠲᠥᠷᠥᠯ ᠵᠦᠢᠯ ᠢ ᠬᠡᠷᠡᠭᠵᠢᠭᠦᠯᠬᠦ ᠠᠬᠢᠴᠠ᠂ ᠪᠠᠷᠢᠯᠭ᠎ᠠ ᠶᠢᠨ ᠶᠠᠰᠤ ᠴᠢᠨᠠᠷ᠂ | ᠪᠠᠷᠢᠯᠭ᠎ᠠ ᠳᠠᠭᠤᠰᠬᠠᠵᠤ ᠰᠢᠯᠭᠠᠨ ᠠᠪᠬᠤ᠂ ᠪᠠᠯᠠ ᠮᠥᠩᠭᠦ ᠶᠢ ᠬᠡᠷᠡᠭᠯᠡᠬᠦ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠭᠤᠤᠯ ᠬᠢᠨᠠᠨ ᠬᠠᠮᠢᠶᠠᠷᠬᠤ | ᠬᠠᠷᠢᠭᠤᠴᠠᠯᠭ᠎ᠠ ᠡᠭᠦᠷᠭᠡᠯᠡᠵᠦ᠂ ᠰᠢᠶᠠᠨ ᠤ ᠱᠠᠲᠤᠨ ᠤ ᠵᠠᠰᠠᠭ ᠤᠨ ᠣᠷᠳᠣᠨ ᠲᠥᠷᠥᠯ ᠵᠦᠢᠯ ᠢ ᠬᠡᠷᠡᠭᠵᠢᠭᠦᠯᠬᠦ᠂ ᠪᠠᠷᠢᠯᠭ᠎ᠠ ᠶᠢᠨ ᠶᠠᠰᠤ ᠴᠢᠨᠠᠷ᠂ ᠪᠠᠯᠠ | ᠮᠥᠩᠭᠦ ᠶᠢ ᠬᠡᠷᠡᠭᠯᠡᠬᠦ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠭᠤᠤᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | ︵ᠠᠷᠪᠠᠨ ᠳᠣᠯᠤᠭ᠎ᠠ︶ ᠡᠯ᠎ᠡ ᠲᠠᠯ᠎ᠠ ᠶᠢᠨ ᠬᠢᠨ ᠬᠠᠮᠵᠢᠯᠴᠠᠵᠤ᠂ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠦᠨ᠎ᠡ᠃ ︽ᠲᠠᠪᠤᠨ ᠨᠢᠭᠡᠳᠦᠯᠲᠡᠶ︾ ︵ | ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠬᠤ᠂ ᠨᠢᠭᠡᠳᠦᠯᠲᠡᠶ ᠪᠦᠲᠦᠭᠡᠨ ᠪᠠᠶᠢᠭᠤᠯᠬᠤ ᠪᠠᠷᠢᠮᠵᠢᠶ᠎ᠠ᠂ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠬᠦ᠂ | ᠨᠢᠭᠡᠳᠦᠯᠲᠡᠶ ᠰᠢᠯᠭᠠᠨ ᠠᠪᠴᠤ ᠬᠢᠨᠡᠨ ᠰᠢᠯᠭᠠᠬᠤ᠂ ᠨᠢᠭᠡᠳᠦᠯᠲᠡᠶ ᠵᠢᠷᠤᠭ ᠪᠤᠯᠭᠠᠨ ᠬᠥᠮᠥᠷᠭᠡ ᠳᠤ ᠣᠷᠣᠭᠤᠯᠬᠤ︶ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠮᠥᠷᠳᠡᠵᠦ ᠦᠨᠡᠯᠡᠬᠦ ᠪᠠᠨ ᠴᠢᠩᠭᠠᠳᠬᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠪᠥᠲᠥᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠨ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠭᠡᠭᠰᠡᠨ ᠤᠷᠢᠲᠠᠯ ᠳᠤᠤᠷ᠎ᠠ᠂ ᠲᠥᠷᠥᠯ | ᠵᠦᠢᠯ ᠢ ᠵᠢᠷᠤᠵᠤ ᠲᠥᠯᠥᠪᠯᠡᠬᠦ᠂ ᠬᠡᠷᠡᠭᠵᠢᠭᠦᠯᠬᠦ᠂ ᠡᠵᠡᠩᠨᠡᠬᠦ᠂ ᠬᠠᠮᠢᠶᠠᠷᠴᠤ ᠬᠠᠮᠠᠭᠠᠯᠠᠬᠤ ᠶᠢ ᠨᠢᠭᠡ ᠴᠣᠭᠴᠠᠵᠢᠭᠤᠯᠬᠤ ᠶᠢ ᠰᠦᠪᠡᠭᠴᠢᠯᠡᠨ ᠠᠬᠢᠭᠤᠯᠤᠨ᠎ᠠ᠃ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠣᠷᠣᠭᠤᠯᠵᠤ ᠠᠪᠴᠢᠷᠠᠬᠤ ᠪᠠ ᠳᠡᠯᠭᠡᠷᠡᠭᠦᠯᠵᠦ᠂ | ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠰᠢᠯ ᠤᠨ ᠮᠡᠷᠭᠡᠵᠢᠯ ᠯᠦᠭᠡ ᠬᠤᠷᠠᠭᠤᠯᠤᠨ ᠬᠡᠷᠡᠭᠯᠡᠬᠦ ᠶᠢ ᠴᠢᠩᠭᠠᠳᠬᠠᠨ᠎ᠠ᠃ ᠤᠰᠤᠨ ᠴᠣᠭᠴᠠ ᠶᠢᠨ ᠠᠽᠣᠲ᠂ | ᠹᠣᠰᠹᠣᠷ ᠵᠡᠷᠭᠡ ᠪᠣᠬᠢᠷᠲᠤᠯ ᠢᠶᠠᠷ ᠲᠣᠪᠤᠶᠢᠮ᠎ᠠ ᠣᠷᠣᠨ ᠪᠦᠰᠡ ᠳᠤ ᠠᠮᠢ ᠠᠬᠤᠶ ᠣᠷᠴᠢᠨ ᠲᠣᠭᠤᠷᠢᠨ ᠢ ᠵᠠᠰᠠᠬᠤ ᠬᠠᠮᠢᠶ᠎ᠠ ᠪᠥᠬᠦᠶ ᠲᠥᠷᠥᠯ ᠵᠦᠢᠯ ᠢ | ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤ ᠶᠢ ᠵᠣᠭᠰᠣᠭᠠᠵᠤ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ ᠰᠠᠯᠬᠢ | ᠡᠯᠡᠰᠦᠨ ᠤ ᠬᠥᠨᠥᠭᠡᠯᠲᠦ ᠭᠠᠵᠠᠷ ᠣᠷᠣᠨ ᠳᠤ ︽ᠤᠮᠠᠷᠠᠲᠤ ᠶᠢᠨ ᠭᠤᠷᠪᠠᠨ ᠤᠷᠤᠨ︾ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠣᠮᠣ ᠲᠤᠤᠷᠵᠢᠯ ᠤᠨ ᠲᠠᠷᠢᠶᠠᠨ ᠭᠠᠵᠠᠷ ᠲᠤ ᠣᠶ ᠰᠢᠭᠤᠶ ᠶᠢᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠳᠡᠯᠭᠡᠷᠡᠭᠦᠯᠵᠦ᠂ ᠲᠠᠷᠢᠶᠠᠨ ᠭᠠᠵᠠᠷ ᠤᠨ ᠤᠨᠠᠯᠲᠠ ᠶᠢ ᠳᠤᠬᠳᠠᠪᠤᠷᠢᠵᠢᠭᠤᠯᠵᠤ ᠳᠡᠭᠡᠭᠰᠢᠯᠡᠬᠦᠯᠬᠦ ᠶᠢ ᠠᠬᠢᠭᠤᠯᠤᠨ᠎ᠠ᠃ | ︵ᠠᠷᠪᠠᠨ ᠨᠠᠢᠮᠠ︶ ᠣᠯᠠᠨ ᠲᠦᠮᠡᠨ ᠣᠷᠣᠯᠴᠠᠵᠤ᠂ ᠮᠡᠳᠡᠭᠳᠡᠳᠡᠯᠡ ᠦᠵᠡᠭᠳᠡᠳᠠᠯᠠ ᠪᠤᠳᠠᠳᠠᠢ ᠬᠢᠨ᠎ᠡ᠃ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ᠂ ᠲᠠᠷᠢᠶᠠᠴᠢᠳ ᠵᠡᠷᠭᠡ ᠶᠢ ᠢᠳᠡᠪᠬᠢᠲᠡᠶ | ᠬᠥᠲᠥᠯᠥᠨ ᠵᠢᠯᠣᠭᠤᠳᠴᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠳᠤ | ᠣᠷᠣᠯᠴᠠᠭᠤᠯᠵᠤ᠂ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠨᠠᠶᠢᠳᠠᠪᠤᠷᠢᠵᠢᠭᠤᠯᠤᠨ᠎ᠠ᠃ ᠲᠥᠷᠥᠯ | ᠵᠦᠢᠯ ᠤᠨ ᠭᠠᠵᠠᠷ ᠰᠣᠩᠭᠤᠬᠤ᠂ ᠵᠢᠷᠤᠭᠯᠠᠨ ᠲᠥᠯᠥᠪᠯᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠤᠨ ᠳᠤᠮᠳᠠ᠂ ᠣᠯᠠᠨ ᠲᠦᠮᠡᠨ ᠤ ᠰᠠᠨᠠᠯ ᠢ ᠥᠷᠭᠡᠨ ᠢᠶᠠᠷ | ᠬᠤᠷᠢᠶᠠᠵᠤ᠂ ᠪᠦᠲᠦᠭᠡᠨ ᠪᠠᠶᠢᠭᠤᠯᠬᠤ ᠠᠭᠤᠯᠭ᠎ᠠ ᠶᠢᠨ ᠪᠣᠳᠠᠲᠤ ᠪᠠᠶᠢᠳᠠᠯ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ᠃ ᠲᠠᠷᠢᠶᠠᠴᠢᠳ ᠤᠨ ᠪᠠᠷᠢᠯᠭ᠎ᠠ ᠶᠢᠨ | ᠮᠠᠲ᠋ᠧᠷᠢᠶᠠᠯ ᠢ ᠲᠠᠯᠠᠪᠠᠶ ᠳᠤ ᠣᠷᠣᠭᠤᠯᠬᠤ᠂ ᠡᠳᠦᠷ ᠲᠤᠲᠤᠮ ᠤᠨ ᠪᠠᠷᠢᠯᠭ᠎ᠠ ᠪᠠᠷᠢᠬᠤ᠂ ᠳᠠᠯᠳᠠ ᠪᠠᠷᠢᠯᠭ᠎ᠠ ᠶᠢ ᠰᠢᠯᠭᠠᠨ ᠠᠪᠬᠤ᠂ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠵᠡᠷᠭᠡ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ᠃ | ︵ᠠᠷᠪᠠ ᠶᠢᠰᠦ︶ ᠬᠥᠳᠡᠯᠦᠩᠭᠦᠶ ᠪᠠᠷ ᠮᠥᠷᠳᠡᠨ᠂ ᠱᠠᠲᠤ ᠬᠤᠪᠢᠶᠠᠨ ᠦᠨᠡᠯᠡᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠵᠠᠳᠠᠯᠤᠯᠲᠠ | ᠬᠢᠵᠦ ᠰᠤᠳᠤᠯᠤᠨ ᠮᠠᠭᠠᠳᠯᠠᠬᠤ᠂ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ᠂ ᠰᠢᠯᠢᠳᠡᠭ ᠢ ᠨᠢ ᠱᠠᠩᠨᠠᠵᠤ ᠰᠢᠭᠠᠷᠤ ᠶᠢ ᠨᠢ ᠲᠣᠷᠭᠠᠬᠤ ᠡᠭᠦᠷᠭᠡ ᠶᠢ | ᠨᠠᠶᠢᠳᠠᠪᠤᠷᠢᠵᠢᠭᠤᠯᠬᠤ ᠲᠣᠭᠲᠡᠴᠡ ᠶᠢ ᠪᠦᠷᠢᠨᠰᠢᠭᠦᠯᠦᠨ᠎ᠡ᠃ ᠡᠯ᠎ᠡ ᠭᠠᠵᠠᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠦᠨᠡᠯᠡᠯᠲᠡ ᠶᠢᠨ ᠵᠢᠷᠤᠮᠵᠢᠯ | ᠵᠡᠷᠭᠡ ᠤᠯᠤᠰ ᠤᠨ ᠪᠠᠷᠢᠮᠵᠢᠶ᠎ᠠ ᠶᠢ ᠦᠨᠳᠦᠰᠦᠯᠡᠨ᠂ ᠨᠢᠭᠡᠨᠲᠡ ᠰᠢᠯᠭᠠᠨ ᠠᠪᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠥᠷᠥᠯ ᠬᠤᠪᠢᠶᠠᠨ ᠲᠠᠰ | ᠬᠤᠪᠢᠶᠠᠨ ᠦᠨᠡᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠱᠠᠭᠠᠷᠳᠠᠯᠭ᠎ᠠ ᠳᠤ ᠨᠡᠶᠢᠴᠡᠬᠦ ᠥᠬᠡᠶ ᠶᠢ ᠨᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢᠶᠠᠷ ᠬᠢᠨᠠᠨ ᠲᠣᠭᠲᠠᠭᠠᠵᠤ ᠪᠣᠯᠬᠤ ᠥᠬᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠪᠥᠬᠦ ᠦᠶᠡᠯᠡᠯ ᠤᠨ ᠬᠤᠭᠤᠴᠠᠭᠠᠨ ᠳᠠᠬᠢ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠪᠠ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ | ᠲᠣᠭᠲᠡᠴᠡ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠨ᠎ᠠ᠃ | ︵ᠬᠤᠷᠢ︶ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠠᠬᠢ ᠢᠯᠵᠢᠷᠠᠯ ᠪᠠ ᠰᠤᠷᠲᠠᠯ ᠤᠨ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠲᠠᠷᠢᠶᠠᠴᠢᠳ ᠤᠨ ᠠᠰᠢᠭ | ᠲᠤᠰᠠ ᠶᠢ ᠬᠤᠬᠢᠷᠠᠭᠤᠯᠤᠭᠰᠠᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠷᠡᠭ ᠶᠠᠪᠤᠳᠠᠯ ᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠱᠠᠮᠰᠢᠵᠤ ᠡᠵᠡᠯᠡᠭᠰᠡᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ | ᠠᠪᠤᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠵᠡᠷᠭᠡ ᠦᠢᠯᠡ ᠠᠵᠢᠯᠯᠠᠭ᠎ᠠ ᠶᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ᠎ᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 30 ᠤ ᠴᠠᠬᠢᠯᠭᠠᠨ ᠮᠡᠳᠡᠭᠡ︶ | |