4 ᠰᠠᠷ᠎ᠠ ᠶᠢᠨ 29 ᠤ ᠡᠳᠦᠷ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠬᠤ ᠬᠤᠷᠠᠯ ᠬᠤᠷᠠᠯᠳᠤᠵᠤ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠲᠠᠯ ᠢ ᠰᠤᠨᠤᠰᠴᠤ ᠣᠷᠣᠰᠢᠵᠤ | ᠪᠠᠶᠢᠭ᠎ᠠ ᠠᠰᠠᠭᠤᠳᠠᠯ ᠢ ᠰᠤᠳᠤᠯᠤᠨ ᠰᠶᠢᠳᠪᠦᠷᠢᠯᠡᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ | ᠬᠤᠷᠢᠶᠠᠨ ᠤ ᠱᠦᠵᠢ ᠸᠠᠩ ᠰᠢᠤᠸᠠᠢ ᠹᠧᠩ ᠬᠤᠷᠠᠯ ᠢ ᠡᠷᠬᠢᠯᠡᠵᠤ ᠶᠠᠷᠢᠶ᠎ᠠ ᠲᠠᠯᠪᠢᠭᠰᠠᠨ ᠪᠠᠶᠢᠨ᠎ᠠ᠃ | | | | | | ᠬᠤᠷᠠᠯ ᠳᠤ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠦᠦᠰᠢᠨ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠣᠷᠣᠨ ᠲᠣᠰ ᠲᠣᠰ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠲᠠᠯ ᠢ ᠬᠠᠷᠢᠭᠤ ᠮᠡᠳᠡᠭᠦᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ | ᠠᠯᠲᠠᠨᠴᠢᠯᠠᠭᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠪᠠ᠃ | ᠸᠠᠩ ᠰᠢᠤᠸᠠᠢ ᠹᠧᠩ ᠶᠠᠷᠢᠬᠤ ᠳᠤ ᠪᠠᠨ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠪᠣᠯ ᠪᠥᠬᠦ | ᠬᠤᠰᠢᠭᠤᠨ ᠤ ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠ ᠶᠡᠭᠡ ᠡᠭᠦᠷᠭᠡ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ | ᠬᠠᠮᠲᠤᠳᠬᠠᠨ ᠬᠠᠮᠵᠢᠯᠴᠠᠵᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ ᠨᠣᠮᠢᠨ ᠲᠠᠩᠰᠤᠭ ᠦᠦᠰᠢᠨ ᠢ | ᠪᠥᠲᠥᠭᠡᠨ ᠪᠠᠶᠢᠭᠤᠯᠬᠤ ᠳᠤ ᠪᠠᠲᠤ ᠪᠠᠬᠢ ᠠᠮᠢ ᠠᠬᠤᠶ ᠣᠷᠴᠢᠨ ᠲᠣᠭᠤᠷᠢᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ ᠃ ᠬᠦᠨᠳᠦ ᠨᠣᠴᠢᠲᠠᠶ ᠪᠠᠶᠢᠲᠠᠯ ᠢ | ᠲᠣᠳᠣᠷᠬᠠᠶ ᠲᠠᠨᠢᠵᠤ᠂ ᠡᠯ᠎ᠡ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠳᠤ ᠲᠥᠪ ᠴᠢᠩᠭ᠎ᠠ ᠬᠠᠨᠳᠤᠵᠤ ᠣᠷᠣᠰᠢᠵᠤ ᠪᠠᠶᠢᠭ᠎ᠠ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠭᠦᠨᠵᠡᠭᠡᠶ ᠴᠡᠭᠴᠡᠯᠡᠨ ᠰᠠᠶᠢᠵᠢᠷᠠᠭᠤᠯᠵᠤ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠤ᠂ ᠵᠠᠰᠠᠬᠤ | ᠪᠠ ᠴᠣᠬᠢᠯᠲᠠ ᠥᠭᠬᠦ ᠬᠤᠶᠠᠷ ᠢ ᠵᠡᠷᠭᠡ ᠪᠠᠷ ᠶᠠᠪᠤᠭᠳᠠᠭᠤᠯᠬᠤ ᠶᠢ ᠪᠠᠷᠢᠮᠲᠠᠯᠠᠵᠤ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠡᠯ᠎ᠡ ᠲᠥᠷᠥᠯ ᠤᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠤᠶᠢᠯᠪᠤᠷᠢᠲᠠᠢ ᠴᠡᠭᠴᠡᠯᠡᠨ ᠵᠠᠰᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠤᠮᠤ ᠪᠠᠯᠭᠠᠰᠤ᠂ ᠰᠠᠯᠠᠭ᠎ᠠ | ᠮᠥᠴᠢᠷ᠂ ᠠᠵᠤ ᠠᠬᠤᠶᠢᠯᠠᠯ ᠤᠨ ᠬᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶ ᠨᠠᠶᠢᠲᠠᠪᠤᠷᠢᠵᠢᠭᠤᠯᠬᠤ | ᠬᠡᠷᠡᠭᠲᠡᠶ ᠭᠡᠪᠡ᠃ | | | ᠰᠤᠷᠪᠤᠯᠵᠢᠯᠠᠭᠴᠢ᠄ ᠪᠠᠶᠠᠨᠳᠠᠯᠠᠢ |