ᠮᠠᠰᠢᠨ ᠲᠡᠷᠭᠡᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ ᠮᠠᠰᠢᠨ ᠲᠡᠷᠭᠡᠨ ᠤ | ᠬᠡᠷᠡᠭᠯᠡᠭᠡᠨ ᠤ ᠲᠠᠰ ᠳᠡᠪᠰᠢᠬᠦ ᠶᠢ ᠠᠬᠢᠭᠤᠯᠤᠨ ᠲᠡᠷᠭᠡ ᠬᠤᠳᠠᠯᠳᠤᠨ ᠠᠪᠬᠤ ᠬᠡᠷᠡᠭᠯᠡᠭᠴᠢᠳ ᠨᠢᠭᠡᠪᠦᠷᠢ ᠳᠤ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠬᠦ ᠶᠢ | ᠦᠨᠡᠨ ᠬᠦ ᠪᠠᠲᠤᠯᠠᠬᠤ ᠶᠢᠨ ᠲᠥᠯᠥᠭᠡ ᠬᠡᠷᠡᠭᠵᠢᠭᠦᠯᠦᠭᠰᠡᠨ 2025 ᠣᠨ ᠤ ᠦᠤᠰᠢᠨ ᠬᠤᠰᠢᠭᠤᠨ ᠤ ᠠᠷᠠᠳ ᠲᠤ ᠠᠰᠢᠭ ᠬᠦᠷᠲᠡᠭᠡᠵᠤ ᠲᠡᠷᠭᠡ ᠬᠤᠳᠠᠯᠳᠤᠨ | ᠠᠪᠬᠤ ᠳᠤ ᠨᠥᠬᠦᠪᠦᠷᠢ ᠣᠯᠭᠤᠬᠤ ᠠᠵᠢᠯᠯᠠᠭ᠎ᠠ ᠬᠥᠭᠵᠢᠶᠡᠨᠲᠡᠢ ᠶᠠᠪᠤᠭᠳᠠᠵᠤ ᠪᠠᠶᠢᠨ᠎ᠠ᠃ | ᠦᠦᠰᠢᠨ ᠬᠤᠰᠢᠭᠤᠨ ᠤ ᠠᠷᠠᠳ ᠲᠤ ᠠᠰᠢᠭ ᠬᠦᠷᠲᠡᠭᠡᠵᠤ ᠲᠡᠷᠭᠡ ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠠᠵᠢᠯᠯᠠᠭ᠎ᠠ ᠡᠬᠢᠯᠡᠭᠰᠡᠨ ᠠᠴᠠ | ᠨᠠᠰᠢ᠂ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠰᠠᠶᠢᠵᠢᠷᠠᠵᠤ᠂ 4S ᠳᠡᠯᠭᠡᠭᠦᠷ ᠲᠤ ᠬᠦᠷᠴᠦ ᠠᠰᠠᠭᠤᠨ ᠯᠠᠪᠯᠠᠬᠤ ᠪᠠ ᠬᠤᠳᠠᠯᠳᠤᠨ ᠠᠪᠬᠤ | ᠬᠡᠷᠡᠭᠯᠡᠭᠴᠢᠳ ᠥᠩᠭᠡᠷᠡᠭᠰᠡᠨ ᠤ ᠬᠢ ᠠᠴᠠ ᠢᠯᠡᠳᠲᠡ ᠨᠡᠮᠡᠭᠳᠡᠪᠡ᠃ ᠰᠢᠨ᠎ᠡ ᠡᠨᠧᠷᠭᠢ ᠶᠢᠨ ᠲᠡᠷᠭᠡ ᠪᠠᠷ ᠵᠢᠱᠢᠶᠡᠯᠡᠪᠡᠯ ᠪᠤᠷᠤᠯᠠᠭᠤᠯᠤᠭᠰᠠᠨ ᠬᠡᠮᠵᠢᠶ᠎ᠡ ᠨᠢ ᠢᠯᠡᠷᠬᠡᠢ | ᠨᠡᠮᠡᠭᠲᠡᠭᠰᠡᠨ ᠪᠠᠶᠢᠨ᠎ᠠ᠃ | ᠤᠶᠢᠯᠠᠭᠠᠭᠰᠠᠨ ᠢᠶᠠᠷ᠂ ᠲᠣᠰ ᠤᠳᠠᠭᠠᠨ ᠤ ᠠᠷᠠᠳ ᠲᠤ ᠠᠰᠢᠭ ᠬᠦᠷᠲᠡᠭᠡᠵᠤ ᠲᠡᠷᠭᠡ ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠠᠵᠢᠯᠯᠠᠭ᠎ᠠ ᠳᠤ | ᠨᠡᠶᠢᠲᠡ 400 ᠲᠦᠮᠡᠨ ᠲᠥᠭᠦᠷᠢᠭ ᠤᠨ ᠮᠠᠰᠢᠨ ᠲᠡᠷᠭᠡᠨ ᠤ ᠬᠡᠷᠡᠭᠯᠡᠭᠡᠨ ᠤ ᠲᠡᠮᠲᠡᠭ ᠲᠠᠷᠬᠠᠭᠠᠵᠤ ᠲᠡᠷᠭᠡ ᠨᠢᠭᠡᠪᠦᠷᠢ ᠶᠢᠨ ᠨᠥᠬᠦᠪᠥᠷᠢ ᠮᠦᠩᠭᠦ ᠨᠢ 3000 | ᠲᠥᠭᠦᠷᠢᠭ ᠠᠴᠠ 6000 ᠲᠥᠭᠦᠷᠢᠭ ᠲᠤ ᠬᠦᠷᠴᠦ᠂ ᠮᠠᠰᠢᠨ ᠲᠡᠷᠭᠡ ᠪᠤᠷᠤᠯᠠᠭᠤᠯᠳᠠᠭ 8 ᠠᠵᠤ ᠠᠬᠤᠶᠢᠯᠠᠯ ᠢ ᠣᠷᠣᠯᠴᠠᠭᠤᠯᠪᠠ᠃ ᠠᠵᠢᠯᠯᠠᠭ᠎ᠠ ᠨᠢ 6 | ᠰᠠᠷ᠎ᠠ ᠶᠢᠨ 30 ᠪᠣᠯᠲᠠᠯ᠎ᠠ ᠶᠠᠪᠤᠭᠳᠠᠬᠤ ᠪᠤᠶᠤ ᠬᠡᠷᠡᠭᠯᠡᠭᠡᠨ ᠤ ᠲᠡᠮᠲᠡᠭ ᠢ ᠬᠡᠷᠡᠭᠯᠡᠵᠦ ᠪᠠᠷᠠᠭᠰᠠᠨ ᠤ ᠳᠠᠷᠠᠭ᠎ᠠ ᠠᠶᠠᠨᠳᠠᠭᠠᠨ ᠳᠠᠭᠤᠰᠤᠨ᠎ᠠ᠃ ᠣᠳᠣᠬᠠᠨ ᠪᠣᠯᠲᠠᠯ᠎ᠠ᠂ | ᠠᠵᠢᠯᠯᠠᠭ᠎ᠠ ᠪᠠᠷ ᠨᠢᠭᠡᠨᠲᠡ 359 ᠰᠠᠤᠷᠢ ᠲᠡᠷᠭᠡ ᠶᠢ ᠬᠤᠳᠠᠯᠳᠤᠨ ᠭᠠᠷᠭᠠᠵᠤ᠂ ᠬᠢᠨᠠᠨ ᠨᠥᠬᠦᠪᠦᠷᠢᠯᠡᠭᠰᠡᠨ ᠨᠥᠬᠦᠪᠥᠷᠢ ᠮᠥᠩᠭᠦ ᠨᠢ 156 ᠲᠦᠮᠡᠨ | ᠲᠥᠭᠦᠷᠢᠭ ᠲᠤ ᠬᠦᠷᠴᠦ᠂ 5000 ᠲᠦᠮᠡ ᠭᠠᠷᠤᠶ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠭᠰᠠᠨ ᠪᠠᠶᠢᠨ᠎ᠠ ᠭᠡᠯᠡ᠃ | | | ᠰᠤᠷᠪᠤᠯᠵᠢᠯᠠᠭᠴᠢ᠄ ᠷᠢᠸᠠᠳᠢ᠂ ᠸᠠᠩ ᠴᠢ |