ᠣᠶᠢᠷ᠎ᠠ ᠶᠢᠨ ᠡᠳᠦᠷ᠂ ᠭᠠᠯᠠᠭᠤᠲᠣ ᠪᠠᠯᠭᠠᠰᠣᠨ ᠤ ᠪᠠᠶᠠᠨ ᠨᠡᠶᠢᠬᠡᠮ ᠲᠣᠭᠤᠷᠢᠭ ᠰᠠᠭᠤᠭᠠᠯᠢ ᠠᠷᠠᠳ ᠤᠨ ᠲᠣᠭᠤᠷᠢᠭ ᠤᠨ ᠢᠶᠠᠨ ᠨᠠᠰᠣᠲᠠᠶᠢᠴᠣᠳ ᠢᠶᠠᠨ | ᠵᠣᠬᠢᠶᠠᠨ ᠪᠠᠶᠢᠭᠤᠯᠤᠨ ᠬᠤᠶᠠᠳᠣᠭᠠᠷ ᠣᠳᠠᠭᠠᠨ ᠤ ᠨᠠᠰᠣᠲᠠᠶᠢᠴᠣᠳ ᠤᠨ ᠲᠠᠮᠢᠷ ᠤᠨ ᠴᠣᠭᠯᠠᠭᠠᠨ ᠢᠶᠠᠨ ᠠᠮᠵᠢᠯᠲᠠᠲᠠᠢ ᠶᠠᠪᠤᠭᠳᠠᠭᠤᠯᠤᠭᠰᠠᠨ ᠪᠠᠶᠢᠨ᠎ᠠ᠃ | ᠣᠷᠣᠯᠳᠣᠭᠠᠨ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠣᠭᠳᠠᠵᠣ᠂ ᠨᠠᠰᠣᠲᠠᠶᠢᠴᠣᠳ ᠤᠨ ᠣᠷᠠᠯᠢᠭ ᠤᠨ ᠪᠦᠯᠬᠦᠮ ᠢ ᠣᠷᠢᠵᠣ ᠣᠷᠣᠯᠳᠣᠭᠠᠨ ᠳᠤ | ᠬᠦᠭ ᠨᠡᠮᠡᠷᠢᠯᠡᠨ ᠪᠦᠮᠪᠦᠭᠡ ᠵᠦᠭᠡᠭᠡᠬᠦ᠂ ᠴᠣᠮᠣ ᠣᠪᠣᠭᠠᠯᠠᠬᠤ᠂ ᠵᠢᠷᠤᠭ ᠲᠠᠭᠠᠷᠠᠭᠤᠯᠬᠤ ᠵᠡᠷᠭᠡ ᠰᠣᠨᠢᠷᠬᠠᠯᠲᠦ ᠨᠠᠭᠠᠳᠤᠮ ᠢ ᠲᠣᠭᠤᠶᠢᠯᠠᠩ ᠬᠤᠪᠢᠶᠠᠨ | ᠶᠠᠪᠤᠭᠳᠠᠭᠤᠯᠵᠤ᠂ ᠨᠡᠶᠢᠲᠡ ᠨᠠᠶᠠᠭᠠᠳ ᠬᠦᠮᠦᠨ ᠣᠷᠣᠯᠴᠠᠭᠰᠠᠨ ᠪᠠᠶᠢᠨ᠎ᠠ᠃ ᠪᠠᠶᠠᠨ ᠨᠡᠶᠢᠬᠡᠮ ᠲᠣᠭᠤᠷᠢᠭ ᠨᠢ ᠨᠠᠰᠣᠲᠠᠶᠢᠴᠣᠳ ᠤᠨ ᠦᠳᠡᠯᠦᠭᠡ ᠨᠠᠰᠣᠨ ᠤ | ᠪᠠᠶᠠᠷ ᠪᠠᠶᠠᠰᠣᠯ ᠵᠢᠴᠢ ᠡᠷᠡᠭᠦᠯ ᠮᠡᠨᠳᠦ ᠶᠢᠨ ᠲᠠᠯ᠎ᠠ ᠪᠠᠷ ᠰᠡᠳᠬᠢᠯ ᠲᠠᠯᠪᠢᠨ ᠦᠢᠯᠡᠴᠢᠯᠠᠵᠣ᠂ ᠠᠬᠤᠢ ᠲᠠᠯᠠᠪᠠᠢ ᠳᠤ ᠨᠡᠶᠢᠬᠡᠮ ᠲᠣᠭᠤᠷᠢᠭ ᠤᠨ ᠠᠵᠢᠯᠲᠠᠳ | ᠨᠠᠰᠣᠲᠠᠶᠢᠴᠣᠳ ᠲᠠᠢ ᠬᠠᠮᠲᠣ ᠬᠠᠷᠢᠯᠴᠠᠨ ᠬᠠᠪᠰᠣᠷᠤᠯᠴᠠᠨ ᠡᠯ᠎ᠡ ᠵᠦᠢᠯ ᠤᠨ ᠬᠠᠮᠲᠣ ᠶᠢᠨ ᠲᠣᠭᠯᠠᠭᠠᠮ ᠢ ᠪᠡᠶᠡᠯᠡᠭᠦᠯᠦᠭᠰᠡᠨ ᠪᠠᠶᠢᠨ᠎ᠠ᠃ | ᠲᠣᠰ ᠣᠳᠠᠭᠠᠨ ᠤ ᠬᠦᠳᠡᠯᠭᠡᠭᠡᠨ ᠨᠢ ᠨᠠᠰᠣᠲᠠᠶᠢᠴᠣᠳ ᠤᠨ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠢ ᠴᠢᠬᠤᠯᠠᠴᠢᠯᠠᠭᠰᠠᠨ ᠪᠦᠭᠡᠳ ᠠᠶᠢᠯ | ᠰᠠᠭᠠᠬᠠᠯᠲᠠ ᠶᠢᠨ ᠢᠶᠠᠨ ᠬᠠᠷᠢᠴᠠᠭ᠎ᠠ ᠬᠤᠯᠪᠣᠭ᠎ᠠ ᠶᠢ ᠠᠬᠢᠭᠤᠯᠤᠭᠰᠠᠨ ᠣᠳᠬ᠎ᠠ ᠠᠭᠤᠯᠭ᠎ᠠ ᠲᠠᠢ ᠬᠦᠳᠡᠯᠭᠡᠭᠡᠨ ᠪᠣᠯᠣᠭᠰᠠᠨ ᠪᠠᠶᠢᠨ᠎ᠠ᠃ | | | ᠰᠣᠷᠪᠣᠯᠵᠢᠯᠠᠭᠴᠢ᠄ ᠲᠠᠨ᠎ᠠ |