ᠦᠤᠰᠢᠨ ᠲᠤᠮᠳᠠᠳᠤ ᠰᠤᠷᠭᠠᠭᠤᠯᠢ ᠶᠢᠨ ᠬᠤᠶᠠᠳᠤᠭᠠᠷ ᠤᠳᠠᠭᠠᠨ ᠤ ︽ᠰᠡᠳᠬᠢᠴᠡ ᠠᠬᠤᠢ ᠶᠢᠨ ᠵᠦᠴᠦᠭᠡᠯᠡᠯ︾ ᠤᠨ ᠤᠷᠤᠯᠳᠤᠭᠠᠨ ᠠᠮᠵᠢᠯᠳᠠᠳᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2025/4/30
      ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠰᠤᠷᠤᠭᠴᠢᠳ ᠤᠨ ᠥᠪᠡᠷ ᠤᠨ ᠦᠰᠦᠨ ᠪᠤᠶᠢᠵᠢᠬᠤ ᠳᠠᠯᠳᠠ ᠬᠦᠴᠦᠨ ᠢ ᠬᠦᠢᠴᠡᠳ ᠬᠥᠭᠵᠢᠭᠡᠬᠦ ᠶᠢᠨ ᠲᠥᠯᠥᠭᠡ ᠤᠶᠢᠷ᠎ᠠ ᠶᠢᠨ ᠡᠳᠤᠷ᠂ ᠦᠦᠰᠢᠨ ᠳᠤᠮᠳᠠᠳᠤ ᠰᠤᠷᠭᠠᠭᠤᠯᠢ ᠬᠤᠶᠠᠳᠤᠭᠠᠷ ᠤᠳᠠᠭᠠᠨ ᠤ  ︽ᠰᠡᠳᠬᠢᠴᠡ ᠠᠬᠤᠢ ᠶᠢᠨ ᠵᠦᠴᠦᠭᠡᠯᠡᠯ︾ ᠤᠨ ᠤᠷᠤᠯᠳᠤᠭᠠᠨ ᠢ ᠡᠷᠬᠢᠯᠡᠨ ᠬᠢᠵᠤ᠂ ᠪᠡᠯᠡᠳᠭᠡᠯ ᠤᠷᠤᠯᠳᠤᠭᠠᠨ ᠤ ᠰᠢᠯᠭᠠᠷᠠᠭᠤᠯᠤᠯᠲᠠ ᠪᠠᠷ ᠳᠡᠮᠵᠢᠨ ᠪᠥᠬᠦ ᠰᠤᠷᠭᠠᠭᠤᠯᠢ ᠶᠢᠨ 11 ᠠᠩᠭᠢ ᠶᠢᠨ ᠰᠤᠳᠣᠨ ᠪᠦᠳᠤᠭᠡᠯ ᠢ ᠰᠢᠢᠳᠪᠦᠷᠢᠲᠦ ᠤᠷᠤᠯᠳᠤᠭᠠᠨ ᠳᠤ ᠤᠷᠤᠯᠴᠠᠭᠤᠯᠵᠤ ᠰᠤᠷᠤᠭᠴᠢᠳ ᠦᠪᠡᠷ ᠦᠪᠡᠷ ᠤᠨ ᠤᠷ᠎ᠠ ᠠᠪᠢᠶᠠᠰ ᠢᠶᠠᠨ ᠣᠯᠠᠨ ᠳᠤ ᠬᠠᠷᠠᠭᠤᠯᠤᠭᠰᠠᠨ ᠪᠠᠶᠢᠨ᠎ᠠ᠃      ᠲᠣᠰ ᠤᠳᠠᠭᠠᠨ ᠤ ᠤᠷᠤᠯᠳᠤᠭᠠᠨ ᠨᠢ ᠰᠤᠷᠤᠭᠴᠢᠳ ᠤᠨ ᠥᠪᠡᠷᠲᠡᠭᠡᠨ ᠨᠠᠶᠢᠷᠠᠭᠤᠯᠬᠤ᠂ ᠥᠪᠡᠷᠲᠡᠭᠡᠨ ᠤᠳᠤᠷᠢᠳᠬᠤ᠂ ᠥᠪᠡᠷᠲᠡᠭᠡᠨ ᠲᠣᠭᠯᠠᠬᠤ  ᠪᠠᠷ ᠭᠤᠣᠯ ᠪᠣᠯᠭᠠᠵᠤ᠂ ᠪᠦᠲᠦᠭᠡᠯ ᠤᠳ ᠨᠢ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠣᠳᠠᠲᠤ ᠠᠮᠢᠳᠤᠷᠠᠯ ᠲᠠᠢ ᠨᠢᠭᠲᠠ ᠬᠤᠯᠪᠣᠭᠳᠠᠨ᠂ ᠰᠤᠷᠤᠭᠴᠢᠳ ᠰᠤᠷᠤᠯᠭ᠎ᠠ ᠶᠢᠨ ᠲᠠᠷᠤᠭᠠᠰᠤ᠂ ᠡᠴᠢᠭᠡ ᠡᠬᠡ ᠥᠷ᠎ᠡ ᠬᠡᠦᠬᠡᠳ ᠤᠨ ᠬᠤᠭᠤᠷᠣᠨᠳᠡᠬᠢ ᠵᠥᠷᠢᠴᠡᠯ᠂ ᠨᠠᠶᠢᠵᠠ ᠨᠦᠭᠦᠳ ᠤᠨ ᠬᠠᠷᠢᠴᠠᠭ᠎ᠠ᠂ ᠰᠦᠯᠵᠢᠶ᠎ᠡ ᠬᠤᠯᠪᠤᠭᠠᠨ ᠤ ᠰᠢᠨᠤᠯ᠂ ᠠᠪᠤ ᠡᠵᠢ ᠶᠢᠨ ᠬᠠᠶᠢᠷ᠎ᠠ ᠵᠡᠷᠭᠡ ᠠᠭᠤᠯᠭ᠎ᠠ ᠶᠢᠨ ᠲᠤᠭᠤᠷᠢᠨ ᠳᠤ ᠵᠤᠬᠢᠶᠠᠨ ᠪᠦᠳᠤᠭᠡᠯᠭᠡ ᠬᠢᠭᠰᠡᠨ ᠪᠠᠶᠢᠨ᠎ᠠ᠃      ᠲᠣᠰ ᠤᠳᠠᠭᠠᠨ ᠤ ᠤᠷᠤᠯᠳᠤᠭᠠᠨ ᠢᠶᠠᠷ ᠰᠡᠳᠬᠢᠴᠡ ᠵᠦᠢ ᠶᠢᠨ ᠲᠤᠰᠬᠠᠢ ᠮᠡᠷᠭᠡᠵᠢᠯ ᠤᠨ ᠪᠠᠭᠰᠢ ᠨᠡᠷ ᠬᠢᠨᠠᠭᠴᠢ ᠪᠠᠷ ᠠᠵᠢᠯᠯᠠᠭᠰᠠᠨ ᠮᠦᠷᠳᠡᠭᠡᠨ ᠲᠡᠳᠡ ᠡᠯ᠎ᠡ ᠵᠦᠴᠦᠭᠡ ᠶᠢᠨ ᠳᠤᠮᠳᠠ ᠢᠯᠡᠷᠡᠭᠰᠡᠨ ᠰᠡᠳᠬᠢᠴᠡ ᠶᠢᠨ ᠦᠵᠡᠭᠳᠡᠯ ᠢ ᠵᠠᠳᠠᠯᠤᠨ ᠲᠠᠶᠢᠯᠪᠤᠷᠢᠯᠠᠭᠰᠠᠨ ᠤ ᠬᠠᠮᠳᠤ ᠦᠨᠡᠯᠡᠯᠳᠡ ᠬᠢᠵᠤ᠂ ᠰᠢᠢᠳᠪᠦᠷᠢᠯᠡᠬᠦ ᠠᠷᠭ᠎ᠠ ᠪᠠᠷᠢᠯ ᠤᠨ ᠲᠠᠯ᠎ᠠ ᠪᠠᠷ ᠪᠠᠰᠠ ᠵᠢᠯᠤᠭᠤᠳᠤᠯᠭ᠎ᠠ ᠬᠢᠭᠰᠡᠨ ᠪᠠᠶᠢᠨ᠎ᠠ ᠃      ︽ᠰᠡᠳᠬᠢᠴᠡ ᠠᠬᠤᠢ ᠶᠢᠨ ᠵᠦᠴᠦᠭᠡᠯᠡᠯ︾ ᠨᠢ ᠵᠥᠪᠬᠡᠨ ᠤᠷᠠᠯᠢᠭ ᠤᠨ ᠢᠯᠡᠷᠡᠭᠦᠯᠦᠯ ᠲᠡᠳᠦᠶ ᠪᠢᠰᠢ᠂ ᠬᠠᠷᠢᠨ  ᠨᠢᠭᠡᠨ ᠤᠳᠠᠭᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯᠯᠡᠭᠡ ᠪᠠᠶᠢᠵᠤ᠂ ᠰᠤᠷᠤᠭᠴᠢᠳ ᠵᠣᠬᠢᠶᠠᠨ ᠪᠦᠲᠦᠭᠡᠯᠭᠡ ᠶᠢᠨ ᠳᠤᠮᠳᠠ ᠠᠴᠠ ᠬᠠᠮᠲᠤ ᠨᠡᠶᠢᠲᠡ ᠶᠢᠨ ᠪᠦᠯᠭᠦᠮᠳᠡᠯ ᠤᠨ ᠬᠦᠴᠦᠨ ᠢ ᠤᠶᠢᠯᠠᠭᠠᠵᠤ᠂ ᠲᠣᠭᠯᠠᠯᠲᠠ ᠶᠢᠨ ᠳᠤᠮᠳᠠ ᠠᠴᠠ ᠬᠦᠷᠦᠯᠴᠡᠭᠦ ᠦᠭᠡᠢ ᠵᠦᠢᠯᠡᠰ ᠢᠶᠠᠨ ᠲᠠᠨᠢᠨ ᠮᠡᠳᠡᠭᠰᠡᠨ ᠪᠠᠶᠢᠨ᠎ᠠ᠃                            ᠰᠤᠷᠪᠤᠯᠵᠢᠯᠠᠭᠴᠢ᠄ ᠪᠤᠶᠠᠠᠳᠤ᠂ ᠲᠠᠸᠠᠩᠨᠤᠷᠪᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ