ᠸᠠᠩ ᠰᠢᠤᠸᠠᠢ ᠹᠧᠩ ᠰᠢᠭᠦᠬᠦ ᠬᠤᠷᠢᠶᠠᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/8
      4 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠰᠢᠤᠸᠠᠢ ᠹᠧᠩ ᠬᠤᠰᠢᠭᠤ ᠠᠷᠠᠳ ᠤᠨ ᠰᠢᠭᠦᠬᠦ ᠬᠤᠷᠢᠶᠠᠨ ᠳᠤ ᠪᠠᠶᠢᠴᠠᠭᠠᠨ ᠰᠤᠳᠤᠯᠤᠯᠲᠠ ᠬᠢᠵᠦ᠂ ᠬᠡᠷᠡᠭ ᠪᠣᠯᠭᠠᠨ ᠳᠠᠩᠰᠠᠯᠠᠬᠤ᠂ ᠰᠢᠭᠦᠨ ᠲᠠᠰᠤᠯᠬᠤ᠂ ᠬᠠᠤᠯᠢ  ᠬᠡᠷᠡᠭᠵᠢᠭᠦᠯᠬᠦ  ᠵᠡᠷᠭᠡ ᠠᠵᠢᠯ ᠤᠨ  ᠶᠠᠪᠤᠴᠠ ᠪᠠ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢᠨ ᠦᠷ᠎ᠡ ᠪᠦᠲᠦᠮᠵᠢ᠂ ᠡᠩᠨᠡᠭᠡᠨ ᠤ ᠪᠠᠶᠢᠭᠤᠯᠤᠯᠲᠠ᠂ ᠰᠠᠭᠤᠷᠢ ᠪᠠᠲᠤᠯᠠᠭ᠎ᠠ ᠵᠡᠷᠭᠡ ᠠᠵᠢᠯ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠣᠶᠢᠯᠠᠭᠠᠪᠠ᠃
1.png     
      ᠸᠠᠩ ᠰᠢᠤᠸᠠᠢ ᠹᠧᠩ ᠶᠠᠷᠢᠬᠤ ᠳᠠᠭᠠᠨ᠂ ᠰᠢᠭᠦᠬᠦ ᠬᠤᠷᠢᠶ᠎ᠠ ᠨᠢ ᠨᠡᠶᠢᠭᠡᠮ ᠤᠨ ᠲᠥᠪ ᠶᠣᠰᠣ ᠶᠢ ᠬᠠᠮᠠᠭᠠᠯᠠᠬᠤ ᠡᠴᠦᠰ ᠤᠨ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠤ ᠬᠤᠪᠢ ᠳᠤ᠂ ᠬᠤᠰᠢᠭᠤ ᠠᠵᠤ ᠠᠬᠤᠶ ᠨᠡᠶᠢᠭᠡᠮ ᠤᠨ ᠬᠥᠭᠵᠢᠯᠲᠡ ᠶᠢ  ᠪᠠᠲᠤᠯᠠᠬᠤ᠂ ᠨᠡᠶᠢᠭᠡᠮ ᠤᠨ ᠡᠶ᠎ᠡ  ᠵᠣᠬᠢᠴᠠᠯ  ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠳᠠᠭ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠨᠠᠮ ᠤᠨ ᠤᠳᠤᠷᠢᠳᠤᠯᠭ᠎ᠠ ᠶᠢ ᠦᠨᠳᠦᠰᠦᠨ ᠱᠠᠲᠤᠨ ᠤ ᠰᠢᠭᠦᠬᠦ ᠬᠤᠷᠢᠶᠠᠨ ᠤ ᠡᠯ᠎ᠡ ᠠᠵᠢᠯ ᠪᠠ ᠪᠦᠬᠦ ᠶᠠᠪᠤᠴᠠ ᠳᠤ  ᠲᠤᠭᠤᠰᠢᠯᠠᠭᠤᠯᠤᠨ ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠬᠢᠨᠠᠮᠠᠭᠠᠢ ᠥᠷᠨᠢᠭᠦᠯᠵᠦ᠂ ᠰᠢᠭᠦᠬᠦ ᠬᠤᠷᠢᠶᠠᠨ ᠤ ᠠᠵᠢᠯ ᠤᠨ ᠰᠢᠨ᠎ᠡ ᠠᠮᠵᠢᠯᠲᠠ ᠪᠦᠲᠦᠮᠵᠢ ᠶᠢ ᠪᠡᠶᠡᠯᠡᠭᠦᠯᠬᠦ ᠬᠡᠷᠡᠭᠲᠡᠢ᠃ ᠶᠡᠭᠡ ᠲᠠᠯ᠎ᠠ ᠳᠤ ᠦᠢᠯᠡᠴᠢᠯᠡᠵᠦ᠂ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠰᠢᠭᠦᠨ ᠲᠠᠰᠤᠯᠬᠤ ᠡᠭᠦᠷᠭᠡ ᠴᠢᠳᠠᠪᠬᠢ  ᠪᠠᠨ ᠭᠦᠢᠴᠡᠳ ᠪᠠᠳᠠᠷᠠᠭᠤᠯᠵᠤ ᠬᠠᠤᠯᠢ ᠴᠠᠭᠠᠵᠠ ᠶᠢᠨ ᠤᠯᠠᠨ ᠨᠠᠶᠢᠳᠠ ᠶᠢ ᠢᠲᠡᠭᠡᠭᠦᠯᠬᠦ ᠬᠦᠴᠦᠨ ᠢᠶᠠᠨ ᠳᠡᠭᠡᠭᠰᠢᠯᠡᠭᠦᠯᠤᠨ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠬᠦ ᠬᠡᠷᠡᠭᠲᠡᠶ᠃ ᠠᠷᠠᠳ ᠤᠨ ᠲᠥᠯᠥᠭᠡ ᠬᠠᠤᠯᠢ ᠪᠠᠷᠢᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠪᠠ ᠳᠤᠲᠠᠭᠳᠠᠯ ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠵᠤ᠂ ᠬᠡᠷᠡᠭ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢᠨ ᠭᠦᠢᠴᠡᠳᠬᠡᠯ ᠲᠤᠭ᠎ᠠ᠂ ᠰᠢᠭᠦᠨ ᠲᠠᠰᠤᠯᠬᠤ ᠶᠠᠪᠤᠴᠠ ᠶᠢᠨ ᠬᠠᠮᠢᠶᠠᠷᠤᠯᠲᠠ᠂ ᠬᠠᠤᠯᠢ ᠶᠣᠰᠣᠭᠠᠷ ᠬᠡᠷᠡᠭᠵᠢᠭᠦᠯᠬᠦ ᠠᠵᠢᠯ ᠤᠨ ᠡᠷᠴᠢᠮ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠡᠷᠡᠭ ᠢ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠤᠨ ᠮᠠᠯᠵᠢᠬᠤ ᠲᠠᠷᠢᠶᠠᠯᠠᠬᠤ ᠣᠷᠣᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠨ ᠠᠵᠢᠯᠳᠠᠨ ᠤ ᠪᠦᠲᠦᠴᠡ ᠶᠢ ᠰᠢᠯᠢᠳᠡᠭᠵᠢᠭᠦᠯᠵᠦ ᠬᠥᠮᠦᠵᠢᠯ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠤᠨ ᠺᠠᠳ᠋ᠷ ᠴᠠᠭᠳᠠᠭ᠎ᠠ ᠶᠢᠨ ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ ᠦᠨᠡᠨᠴᠢ ᠰᠢᠳᠤᠷᠭᠤ ᠠᠷᠢᠭᠤᠨ ᠴᠢᠬᠡᠴᠢ  ᠬᠠᠷᠢᠭᠤᠴᠠᠯᠭ᠎ᠠ ᠡᠭᠦᠷᠭᠡᠯᠡᠳᠡᠭ ᠰᠢᠭᠦᠬᠦ ᠬᠤᠷᠢᠶᠠᠨ ᠤ ᠠᠵᠢᠯᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠢᠭᠦᠬᠦ ᠬᠤᠷᠢᠶᠠᠨ ᠤ ᠠᠵᠢᠯ ᠢ ᠪᠦᠬᠦ ᠲᠠᠯ᠎ᠠ ᠪᠠᠷ ᠲᠡᠮᠵᠢᠵᠤ᠂ ᠲᠦᠷᠤ ᠶᠢᠨ ᠪᠤᠳᠤᠯᠭ᠎ᠠ᠂ ᠪᠡᠯᠡ ᠮᠥᠩᠭᠦ᠂ ᠠᠵᠢᠯᠳᠠᠨ ᠤ ᠪᠠᠲᠤᠯᠠᠭ᠎ᠠ ᠵᠡᠷᠭᠡ ᠶᠢ ᠬᠠᠩᠭᠠᠨ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠢ ᠭᠡᠰᠡᠨ ᠪᠠᠶᠢᠨ᠎ᠠ᠃      ᠬᠤᠰᠢᠭᠤ ᠤᠳᠤᠷᠢᠳᠤᠯᠭ᠎ᠠ ᠸᠠᠩ ᠵᠢᠶᠤᠤ᠂ ᠬᠠᠨ ᠹᠸᠢ᠂ ᠬᠤᠤ ᠢᠦᠶ ᠯᠢᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                           ᠰᠤᠷᠪᠤᠯᠵᠢᠯᠠᠭᠴᠢ᠄ ᠡᠷᠬᠡᠰ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ