4 ᠰᠠᠷ᠎ᠠ ᠶᠢᠨ 3 ᠤ ᠡᠳᠦᠷ᠂ ᠦᠦᠰᠢᠨ ᠬᠤᠰᠢᠭᠤᠨ ᠤ 12338 ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠮᠡᠭᠲᠡᠶᠢᠴᠦᠳ ᠤᠨ ᠡᠷᠬᠡ | ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠨᠢ ᠦᠦᠰᠢᠨ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠲᠤ | ᠵᠢᠩᠬᠢᠨᠢ ᠪᠠᠷ ᠪᠠᠶᠢᠭᠤᠯᠤᠭᠳᠠᠵᠤ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤ ᠬᠠᠤᠯᠢ ᠴᠠᠭᠠᠵᠠ ᠶᠢᠨ | ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠶᠡᠷᠦᠩᠬᠡᠶᠢᠯᠡᠨ ᠵᠠᠰᠠᠬᠤ ᠲᠥᠪ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠲᠡᠭᠡᠷ᠎ᠡ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠬᠠᠷᠢᠭᠤᠴᠠᠯᠭᠠᠲᠠᠨ ᠠᠴᠠ ᠦᠦᠰᠢᠨ ᠬᠤᠰᠢᠭᠤᠨ ᠤ 12338 ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ | ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠫᠠᠶᠢᠰᠠ ᠶᠢ ᠰᠡᠬᠦᠵᠦ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ | ᠦᠦᠰᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ | ᠣᠨᠴᠠ ᠤᠷᠢᠭᠰᠠᠨ ᠡᠷᠬᠡ ᠬᠠᠮᠠᠭᠠᠯᠠᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠦᠤᠰᠢᠨ ᠬᠤᠰᠢᠭᠤᠨ ᠤ 12338 ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠪᠠᠶᠢᠭᠤᠯᠤᠭᠳᠠᠭᠰᠠᠨ ᠨᠢ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ︽ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ | ᠲᠦᠷᠢᠮ ᠢ ᠲᠡᠭᠦᠯᠳᠡᠷᠵᠢᠭᠦᠯᠬᠦ︾ ᠲᠤᠬᠠᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠢᠳᠡᠪᠬᠢᠲᠡᠶ ᠦᠢᠯᠡᠳᠦᠯᠭᠡᠵᠢᠭᠦᠯᠬᠦ ᠶᠢᠨ ᠲᠥᠯᠥᠭᠡ ᠶᠤᠮ᠃ | ᠠᠵᠢᠯᠯᠠᠭ᠎ᠠ ᠳᠤ᠂ ᠥᠪᠥᠷ ᠮᠣᠩᠭᠤᠯ ᠤᠨ ᠨᠢᠩ ᠰᠥᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠸᠠᠩ ᠰᠢᠶᠤᠤ ᠸᠧᠶ ᠶᠢ ᠤᠨᠴᠠᠭᠠᠶᠢᠯᠠᠨ | ᠤᠷᠢᠵᠤ᠂ ︽ᠤᠷᠤᠭ ᠲᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠭᠰᠠᠨ ᠬᠠᠶᠢᠷ᠎ᠠ ᠬᠠᠯᠠᠮᠵᠢᠲᠤ ᠦᠦᠰᠢᠨ︾ ᠭᠤᠤᠯ ᠰᠡᠳᠦᠪᠲᠦ ᠣᠷᠤᠭ ᠬᠡᠷ ᠪᠦᠯᠢ ᠶᠢᠨ | ᠮᠡᠳᠡᠯᠭᠡ ᠶᠢᠨ ᠲᠠᠶᠢᠯᠤᠮᠵᠢ ᠭᠢᠯᠭᠡᠪᠡ᠃ | | | ᠰᠤᠷᠪᠤᠯᠵᠢᠯᠠᠭᠴᠢ᠄ ᠡᠷᠬᠡᠰ | |