ᠯᠢ ᠴᠢᠶᠠᠩ ᠵᠣᠣ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠣᠷᠣᠯᠴᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 3 ᠤ ᠦᠳᠡ ᠶᠢᠨ | ᠡᠮᠦᠨ᠎ᠡ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ᠂ ᠮᠣᠳᠣ ᠳᠠᠷᠢᠵᠤ ᠣᠶᠢᠵᠢᠭᠤᠯᠬᠤ ᠪᠣᠯ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠨᠢᠭᠡᠨ ᠭᠤᠭᠴᠤᠭ᠎ᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠯᠠᠮ ᠨᠢᠭᠡ ᠠᠯᠬᠤᠮ | ᠬᠥᠳᠡᠯᠦᠯᠴᠡᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ ᠵᠣᠬᠢᠶᠠᠨ ᠪᠠᠶᠢᠭᠤᠯᠵᠤ ᠣᠶᠢᠵᠢᠭᠤᠯᠵᠤ ᠨᠣᠭᠤᠭᠠᠷᠠᠭᠤᠯᠬᠤ ᠠᠵᠢᠯᠯᠠᠭ᠎ᠠ ᠳᠤ | ᠢᠳᠡᠪᠬᠢᠲᠡᠢ ᠣᠷᠣᠯᠴᠠᠭᠤᠯᠵᠤ᠂ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠰᠣᠶᠣᠯ ᠢ | ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠦᠲᠦᠭᠡᠨ ᠪᠠᠶᠢᠭᠤᠯᠬᠤ ᠠᠤᠭ᠎ᠠ ᠬᠦᠴᠦᠨ ᠢ ᠨᠢᠭᠲᠠᠷᠠᠭᠤᠯᠵᠤ᠂ ᠡᠬᠡ | ᠤᠯᠤᠰ ᠤᠨ ᠡᠬᠡ ᠭᠠᠵᠠᠷ ᠢ ᠨᠠᠩ ᠨᠣᠮᠢᠨ ᠨᠣᠭᠤᠭᠠᠨ᠂ ᠥᠷᠨᠢᠭᠦᠨ ᠪᠠᠳᠠᠷᠠᠩᠭᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | 4 ᠰᠠᠷ᠎ᠠ ᠶᠢᠨ 3 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ | ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠪᠡᠭᠡᠵᠢᠩ ᠬᠤᠳᠠ ᠶᠢᠨ ᠹᠧᠩᠲ᠋ᠠᠢ ᠲᠣᠭᠤᠷᠢᠭ ᠤᠨ ᠶᠦᠩ ᠳ᠋ᠢᠩ ᠾᠧ ᠭᠤᠣᠯ ᠤᠨ ᠬᠥᠪᠡᠭᠡᠨ ᠳᠤ | ᠬᠦᠷᠴᠦ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ ᠵᠢᠷᠤᠭ ᠪᠣᠯ ᠰᠢ ᠶᠢᠨ ᠫᠢᠩ ᠤᠯᠠᠨ ᠲᠠᠢ ᠬᠠᠮᠲᠤ ᠮᠣᠳᠣ | ᠲᠠᠷᠢᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | ᠬᠠᠩᠰᠢ ᠣᠶᠢᠷᠠᠲᠤᠬᠤ ᠪᠠᠷ᠂ ᠨᠡᠶᠢᠰᠯᠡᠯ ᠪᠡᠭᠡᠵᠢᠩ ᠬᠠᠪᠤᠷ ᠤᠨ ᠥᠩᠭᠡ ᠪᠠᠷ ᠴᠢᠮᠡᠭᠯᠡᠭᠳᠡᠨ ᠡᠰᠡᠨᠢᠯ ᠬᠥᠭᠵᠢᠯ ᠢᠶᠠᠷ ᠪᠢᠯᠬᠠᠨ᠎ᠠ᠃ ᠦᠳᠡ ᠶᠢᠨ ᠡᠮᠦᠨᠡᠬᠢ | 10 ᠴᠠᠭ 30 ᠮᠢᠨᠦ᠋ᠲ ᠤᠨ ᠦᠶ᠎ᠡ ᠪᠠᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ | ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠬᠠᠮᠲᠤ ᠮᠠᠰᠢᠨ ᠲᠡᠷᠭᠡᠨ ᠳᠤ ᠰᠠᠭᠤᠵᠤ᠂ ᠹᠧᠩᠲ᠋ᠠᠢ ᠲᠣᠭᠤᠷᠢᠭ ᠤᠨ ᠶᠦᠩ ᠳ᠋ᠢᠩ ᠾᠧ | ᠭᠤᠣᠯ ᠤᠨ ᠬᠥᠪᠡᠭᠡᠨ ᠳᠤ ᠬᠦᠷᠴᠦ ᠢᠷᠡᠨ᠂ ᠺᠠᠳ᠋ᠷ ᠤᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ | ᠮᠣᠳᠣ ᠳᠠᠷᠢᠬᠤ ᠭᠠᠵᠠᠷ ᠨᠢ ᠶᠦᠩ ᠳ᠋ᠢᠩ ᠾᠧ ᠭᠤᠣᠯ ᠤᠨ ᠨᠣᠮᠢᠨ ᠨᠣᠭᠤᠭᠠᠨ ᠵᠠᠮ ᠤᠨ ᠵᠢᠱᠢᠶ᠎ᠡ ᠦᠵᠡᠭᠦᠯᠭᠦ ᠬᠡᠰᠡᠭ ᠲᠤ ᠪᠠᠶᠢᠷᠢᠯᠠᠵᠤ᠂ ᠡᠨᠡ ᠬᠦ | ᠣᠷᠣᠨ ᠪᠦᠰᠡ ᠶᠢᠨ ᠤᠰᠤᠨ ᠰᠢᠰᠲ᠋ᠧᠮ ᠤᠨ ᠭᠡᠯᠪᠡᠷᠢ ᠪᠠᠶᠢᠳᠠᠯ ᠨᠢ ᠣᠯᠠᠨ ᠶᠠᠩᠵᠤ ᠶᠢᠨ ᠪᠠᠶᠢᠵᠤ᠂ ᠤᠰᠤᠨ ᠤ ᠭᠦᠪᠡᠭᠡ ᠪᠠᠷ 7 ᠺᠢᠯᠣᠮᠧᠳ᠋ᠷ ᠦᠷᠭᠦᠯᠵᠢᠯᠡᠭᠰᠡᠨ | ᠣᠷᠣᠨ ᠵᠠᠢ ᠪᠠᠶᠢᠵᠤ᠂ ᠶᠠᠭ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠰᠡᠯᠡᠭᠦᠴᠡᠨ ᠪᠡᠶ᠎ᠡ ᠴᠢᠭᠢᠷᠠᠭᠵᠢᠭᠤᠯᠬᠤ ᠴᠢᠳᠠᠮᠵᠢ ᠶᠢ ᠬᠤᠣᠰᠯᠠᠭᠤᠯᠤᠭᠰᠠᠨ ᠤᠰᠤᠨ ᠤ | ᠬᠥᠪᠡᠭᠡᠨ ᠤ ᠨᠣᠭᠤᠭᠠᠨ ᠬᠤᠩᠭᠢᠯ ᠢ ᠪᠠᠶᠢᠭᠤᠯᠵᠤ ᠪᠠᠶᠢᠨ᠎ᠠ᠃ | ᠶᠡᠷᠦᠩᠬᠡᠢ ᠱᠦᠵᠢ ᠢᠷᠡᠭᠰᠡᠨ ᠢ ᠦᠵᠡᠭᠡᠳ᠂ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠲᠠᠢ ᠬᠠᠯᠠᠭᠤᠮᠰᠤᠭ ᠢᠶᠠᠷ | ᠮᠡᠨᠳᠦᠴᠢᠯᠡᠵᠦ ᠪᠠᠶᠢᠯ᠎ᠠ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠬᠦᠷᠵᠡ ᠪᠠᠷᠢᠨ ᠮᠣᠳᠣ ᠲᠠᠷᠢᠬᠤ ᠭᠠᠵᠠᠷ ᠵᠦᠭ ᠶᠠᠪᠤᠵᠤ᠂ | ᠲᠤᠬᠠᠢ ᠶᠢᠨ ᠲᠠᠯᠠᠪᠠᠢ ᠳᠤ ᠮᠣᠳᠣ ᠲᠠᠷᠢᠵᠤ ᠪᠠᠶᠢᠭᠰᠠᠨ ᠪᠡᠭᠡᠵᠢᠩ ᠬᠤᠳᠠ᠂ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠨᠥᠬᠦᠳ ᠪᠣᠯᠣᠨ ᠺᠠᠳ᠋ᠷ ᠤᠯᠠᠨ ᠲᠦᠮᠡᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠢ ᠬᠠᠮᠲᠤ ᠮᠣᠳᠣ ᠲᠡᠷᠢᠵᠤ ᠡᠬᠢᠯᠡᠪᠡ᠃ | | ᠬᠦᠷᠵᠡ ᠪᠠᠷᠢᠨ ᠨᠦᠬᠡ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ ᠰᠢ ᠶᠢᠨ ᠫᠢᠩ ᠨᠠᠷᠠᠰᠤᠨ ᠮᠣᠳᠣ᠂ | ᠠᠯᠲᠠᠨ ᠮᠥᠴᠢᠷᠲᠦ ᠬᠤᠨᠭ᠍ᠭᠤᠷᠴᠤᠬᠲᠤ ᠮᠣᠳᠣ᠂ ᠭᠤᠪᠠᠢ ᠲᠡᠷᠢᠭᠦᠯᠡᠭᠴᠢ ᠮᠣᠳᠣ᠂ ᠦᠰᠦᠯᠢᠭ ᠲᠤᠷᠤᠭ ᠲᠠᠷᠠᠨᠠᠢ᠂ ᠮᠢᠨᠳᠠᠰᠤᠨ ᠬᠠᠯᠢᠰᠤᠨ ᠮᠣᠳᠣ᠂ ᠬᠠᠲᠠᠭᠤ | ᠴᠠᠭᠠᠨ ᠵᠡᠷᠭᠡ ᠤᠯᠠᠨ ᠴᠢᠬᠢ ᠮᠣᠳᠣ ᠶᠢ ᠵᠠᠯᠭᠠᠭ᠎ᠠ ᠪᠠᠷ ᠳᠠᠷᠢᠪᠠ᠃ ᠰᠢ ᠶᠢᠨ ᠫᠢᠩ ᠮᠣᠳᠣ ᠲᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ ᠪᠠ | ᠬᠥᠳᠡᠯᠮᠦᠷᠢᠯᠡᠵᠦ ᠳᠠᠪᠲᠠᠨ ᠪᠣᠯᠪᠠᠰᠤᠷᠠᠵᠤ ᠪᠠᠶᠢᠭ᠎ᠠ ᠪᠠᠶᠢᠳᠠᠯ ᠢ ᠠᠰᠠᠭᠤᠪᠠ᠃ ᠲᠡᠷᠡ᠂ ᠰᠠᠶᠢᠨ ᠰᠠᠶᠢᠬᠠᠨ ᠠᠮᠢᠳᠤᠷᠠᠯ ᠢ ᠴᠥᠮ ᠭᠦᠳᠡᠯᠮᠦᠷᠢ ᠳᠤ ᠲᠦᠰᠢᠭᠯᠡᠨ | ᠡᠭᠦᠳᠦᠨ ᠪᠦᠲᠦᠭᠡᠳᠡᠭ ᠶᠤᠮ᠂ ᠥᠷᠭᠡᠨ ᠤᠯᠠᠨ ᠵᠠᠯᠠᠭᠤᠴᠤᠳ ᠪᠠᠭᠠᠴᠤᠳ ᠭᠦᠳᠡᠯᠮᠦᠷᠢ ᠶᠢ ᠬᠠᠶᠢᠷᠠᠯᠠᠵᠤ᠂ ᠡᠬᠡ ᠪᠠᠶᠢᠭᠠᠯᠢ ᠶᠢ ᠬᠠᠶᠢᠷᠠᠯᠠᠵᠤ᠂ ᠮᠣᠳᠣ ᠲᠠᠷᠢᠵᠤ | ᠣᠶᠢᠵᠢᠭᠤᠯᠬᠤ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠭᠦᠳᠡᠯᠮᠦᠷᠢ ᠶᠢᠨ ᠳᠤᠮᠳᠠ ᠪᠡᠶ᠎ᠡ ᠮᠠᠬᠠᠪᠤᠳ ᠢᠶᠠᠨ ᠳᠠᠪᠲᠠᠨ | ᠪᠤᠯᠪᠠᠰᠤᠷᠠᠭᠤᠯᠵᠤ᠂ ᠰᠥᠰᠥ ᠵᠣᠷᠢᠭ ᠢᠶᠠᠨ ᠳᠠᠪᠲᠠᠨ ᠪᠤᠯᠪᠠᠰᠤᠷᠠᠭᠤᠯᠵᠤ᠂ ᠮᠡᠳᠡᠯᠭᠡ ᠪᠠᠨ ᠨᠡᠮᠡᠭᠳᠡᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠬᠦ ᠬᠡᠷᠡᠭᠲᠡᠢ ᠭᠡᠵᠦ ᠴᠢᠬᠤᠯᠠᠴᠢᠯᠠᠪᠠ᠃ ᠮᠣᠳᠣ ᠲᠠᠷᠢᠬᠤ ᠲᠤᠬᠠᠢ ᠶᠢᠨ ᠲᠠᠯᠠᠪᠠᠢ ᠶᠢᠨ | ᠠᠭᠤᠷ ᠠᠮᠢᠰᠬᠤᠯ ᠭᠦᠷ ᠬᠥᠭᠵᠢᠶᠡᠨ ᠲᠠᠢ ᠪᠠᠶᠢᠵᠤ᠂ ᠶᠠᠭᠠᠷᠠᠯᠲᠠᠢ ᠠᠵᠢᠯᠯᠠᠵᠠᠭᠠᠨ᠎ᠠ᠃ | ᠮᠣᠳᠣ ᠲᠠᠷᠢᠬᠤ ᠳᠤᠮᠳᠠ᠂ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ | ᠣᠳᠣᠬᠠᠨ ᠳᠤ ᠮᠠᠨ ᠤ ᠤᠯᠤᠰ ᠤᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠨᠢᠭᠡᠨᠲᠡ 25% ᠶᠢ ᠳᠠᠪᠠᠵᠤ᠂ ᠪᠦᠭᠦ ᠪᠥᠮᠪᠥᠷᠴᠡᠭ ᠤᠨ 25% ᠣᠷᠴᠢᠮ | ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠢ ᠳᠤ ᠬᠤᠪᠢ ᠨᠡᠮᠡᠷᠢ ᠦᠵᠡᠭᠦᠯᠪᠡ᠃ ᠤᠯᠠᠨ ᠵᠢᠯ ᠴᠢᠷᠮᠠᠶᠢᠬᠤ ᠪᠠᠷ ᠳᠠᠮᠵᠢᠭᠠᠳ᠂ ᠲᠠᠺᠯᠢᠮᠠᠺᠠᠨ | ᠡᠯᠡᠰᠦᠨ ᠴᠦᠯ ᠳᠤ ︽ᠨᠣᠭᠤᠭᠠᠨ ᠣᠷᠢᠶᠠᠯᠲᠠ︾ ᠵᠡᠭᠦᠯᠭᠡᠵᠦ᠂ ᠬᠤᠷᠴᠢᠨ ᠤ ᠡᠯᠡᠰᠦᠷᠬᠡᠭ ᠭᠠᠵᠠᠷ ᠲᠤ ᠲᠠᠯ᠎ᠠ ᠨᠤᠲᠤᠭ ᠤᠨ ᠥᠩᠭᠡ ᠦᠵᠡᠮᠵᠢ ᠲᠠᠭᠢᠨ | ᠢᠯᠡᠷᠡᠪᠡ᠂ ᠡᠳᠡᠭᠡᠷ ᠠᠮᠵᠢᠯᠲᠠ ᠶᠢ ᠭᠢᠯᠪᠡᠷ ᠪᠤᠰᠤ ᠪᠠᠷ ᠣᠯᠵᠤ ᠠᠪᠴᠢᠷᠠᠭᠰᠠᠨ ᠶᠤᠮ᠃ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠭᠰᠠᠨ | ᠲᠤᠬᠠᠢ ᠠᠷᠠᠳ ᠤᠯᠠᠨ ᠤ ᠲᠥᠷᠥᠭᠳᠡᠯ ᠬᠠᠮᠤᠭ ᠤᠨ ᠰᠢᠭᠤᠳ ᠬᠠᠮᠤᠭ ᠤᠨ ᠦᠨᠡᠨ ᠪᠣᠳᠠᠲᠠᠢ ᠶᠤᠮ᠃ ᠡᠭᠦᠨ ᠤ ᠬᠠᠮᠲᠤ ᠮᠠᠨ ᠤ ᠤᠯᠤᠰ ᠤᠨ ᠣᠶ ᠰᠢᠭᠤᠢ | ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠮᠥᠨ ᠬᠦ ᠬᠦᠷᠦᠯᠴᠡᠬᠦ ᠦᠭᠡᠢ᠂ ᠶᠠᠰᠤ ᠴᠢᠨᠠᠷ ᠦᠷ᠎ᠡ ᠠᠰᠢᠭ ᠪᠠᠰᠠ ᠲᠡᠶᠢᠮᠦ ᠥᠨᠳᠥᠷ ᠪᠢᠰᠢ | ᠪᠠᠶᠢᠬᠤ ᠶᠢ ᠣᠯᠵᠤ ᠬᠠᠷᠠᠬᠤ ᠬᠡᠷᠡᠭᠲᠡᠢ᠃ ᠲᠣᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠵᠢᠯ ᠠᠴᠠ ᠵᠢᠯ ᠨᠡᠩ ᠰᠠᠶᠢᠨ ᠠᠵᠢᠯᠯᠠᠬᠤ ᠪᠠᠷ ᠴᠢᠷᠮᠠᠶᠢᠬᠤ | ᠬᠡᠷᠡᠭᠲᠡᠢ ᠭᠡᠪᠡ᠃ | ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠡᠷᠬᠡᠪᠰᠢ ᠨᠣᠭᠤᠭᠠᠷᠠᠭᠤᠯᠤᠯᠲᠠ ᠶᠢ ᠥᠷᠭᠡᠳᠬᠡᠵᠦ ᠨᠣᠭᠤᠭᠠᠷᠠᠭᠤᠯᠤᠯᠲᠠ ᠶᠢ ᠬᠥᠭᠵᠢᠭᠦᠯᠵᠦ | ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠣᠭᠤᠭᠠᠷᠠᠭᠤᠯᠤᠯᠲᠠ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠣᠶ ᠰᠢᠭᠤᠢ ᠶᠢᠨ ᠤᠰᠤᠨ | ᠴᠥᠭᠦᠷᠥᠮ᠂ ᠵᠣᠭᠤᠰᠤᠨ ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ ︽ᠳᠥᠷᠪᠡᠨ ᠬᠥᠮᠥᠷᠭᠡ︾ ᠶᠢᠨ ᠬᠤᠯᠪᠤᠭᠠᠯᠠᠨ | ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ ︽ᠶᠠᠰᠤ ᠴᠢᠨᠠᠷ ᠢ ᠳᠡᠭᠡᠭᠰᠢᠯᠡᠭᠦᠯᠭᠦ︾ ᠶᠢ ᠨᠡᠩ ᠴᠢᠬᠤᠯᠠᠴᠢᠯᠠᠵᠤ᠂ ᠤᠢ ᠰᠢᠭᠤᠢ ᠶᠢᠨ ᠬᠡᠰᠡᠭᠯᠡᠯ ᠤᠨ ᠪᠦᠲᠦᠴᠡ ᠶᠢ | ᠰᠢᠯᠢᠳᠡᠭᠵᠢᠭᠦᠯᠵᠦ᠂ ᠤᠢ ᠰᠢᠭᠤᠢ ᠶᠢᠨ ᠡᠵᠡᠩᠨᠡᠯᠲᠡ ᠶᠢ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠶᠠᠰᠤ ᠴᠢᠨᠠᠷ ᠢ ᠵᠡᠷᠭᠡ ᠪᠠᠷ | ᠳᠡᠭᠡᠭᠰᠢᠯᠡᠭᠦᠯᠭᠦ ᠬᠡᠷᠡᠭᠲᠡᠢ᠃ ︽ᠠᠵᠤ ᠦᠢᠯᠡᠰ ᠢ ᠬᠥᠭᠵᠢᠭᠦᠯᠬᠦ︾ ᠶᠢ ᠨᠠᠩ ᠴᠢᠬᠤᠯᠠᠴᠢᠯᠠᠵᠤ᠂ ᠥᠭᠡᠷᠡᠴᠢᠯᠡᠯᠲᠡ ᠡᠨᠡᠬᠦ ᠠᠷᠭ᠎ᠠ ᠶᠢ ᠢᠯᠡᠭᠦᠬᠡᠨ ᠬᠡᠷᠡᠭᠯᠡᠨ ᠣᠶ | ᠰᠢᠭᠤᠢ ᠡᠪᠡᠰᠦᠨ ᠤ ᠡᠬᠢ ᠪᠠᠶᠠᠯᠢᠭ ᠢ ᠠᠮᠢᠳᠤᠯᠢᠭ ᠬᠡᠷᠡᠭᠯᠡᠵᠦ᠂ ᠣᠶ ᠰᠢᠭᠤᠢ ᠡᠪᠡᠰᠦᠨ ᠤ ᠠᠵᠤ ᠦᠢᠯᠡᠰ ᠢ ᠪᠤᠵᠠᠭᠠᠶᠢᠷᠠᠭᠤᠯᠬᠤ ᠬᠡᠷᠡᠭᠲᠡᠢ᠃ ︽ᠠᠷᠠᠳ ᠲᠤ | ᠠᠰᠢᠭ ᠬᠦᠷᠲᠡᠭᠡᠬᠦ︾ ᠶᠢ ᠨᠠᠩ ᠴᠢᠬᠤᠯᠠᠴᠢᠯᠠᠵᠤ᠂ ᠣᠯᠠᠨ ᠲᠦᠮᠡᠨ ᠤ ᠳᠡᠷᠭᠡᠳᠡ᠂ ᠨᠢᠳᠦᠨ ᠡᠮᠦᠨ᠎ᠡ ᠨᠣᠭᠤᠭᠠᠨ ᠥᠩᠭᠡ᠂ ᠭᠤᠸ᠎ᠠ ᠰᠠᠶᠢᠬᠠᠨ ᠨᠡᠮᠡᠷᠢᠯᠡᠵᠦ᠂ | ᠣᠶ ᠰᠢᠭᠤᠢ ᠨᠤᠲᠤᠭ ᠪᠡᠯᠴᠢᠭᠡᠷ ᠤᠨ ᠦᠢᠯᠡᠰ ᠲᠠᠬᠢ ᠠᠵᠢᠯ ᠣᠯᠵᠤ ᠣᠷᠣᠯᠭ᠎ᠠ ᠶᠢ ᠨᠡᠮᠡᠭᠳᠡᠭᠦᠯᠬᠦ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠠᠯᠪᠠᠨ ᠵᠢᠷᠤᠮ ᠤᠨ ᠮᠣᠳᠣ ᠳᠠᠷᠢᠬᠤ ᠪᠣᠯ ᠪᠦᠭᠦ ᠠᠷᠠᠳ ᠤᠨ ᠠᠵᠢᠯᠯᠠᠭ᠎ᠠ ᠮᠥᠨ᠂ ᠦᠶ᠎ᠡ ᠶᠢᠨ ᠦᠶ᠎ᠡ ᠪᠤᠤᠬᠢᠶ᠎ᠠ ᠵᠠᠯᠭᠠᠨ ᠠᠵᠢᠯᠯᠠᠬᠤ | ᠬᠡᠷᠡᠭᠲᠡᠢ᠃ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠣᠷᠤᠯᠴᠠᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ | ᠲᠤᠯᠭᠠᠭᠤᠷᠢᠯᠠᠯ ᠢ ᠴᠢᠩᠭᠠᠳᠬᠠᠵᠤ᠂ ᠡᠨᠡ ᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠶᠢᠵᠢᠭᠤᠯᠵᠤ ᠨᠣᠭᠤᠭᠠᠷᠠᠭᠤᠯᠬᠤ ᠪᠣᠳᠠᠲᠤ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠪᠡᠭᠡᠵᠢᠩ ᠳᠤ ᠪᠠᠶᠢᠭ᠎ᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠭᠦᠨ ᠨᠠᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠠᠢ᠃ | |