︽ᠦᠦᠰᠢᠨ ᠬᠤᠰᠢᠭᠤᠨ ᠤ 2025 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/4/8
                                ᠦᠦᠰᠢᠨ ᠵᠠᠰᠠᠭ ᠠᠯᠪᠠᠨ ᠳᠠᠷᠬᠠᠭᠠᠬᠤ ﹇2025﹈ 9 ᠳ᠋ᠦ᠋ᠭᠡᠷ ᠲᠣᠭᠠᠲᠤ                                 ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ︽ᠣᠷᠳᠣᠰ ᠬᠤᠲᠠ ᠶᠢᠨ 2025 ᠣᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠤᠨ ᠲᠥᠰᠥᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ︽ᠦᠦᠰᠢᠨ ᠬᠤᠰᠢᠭᠤᠨ ᠤ 2025 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠲᠥᠰᠥᠯ︾ ᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠰᠠᠶᠢᠲᠤᠷ ᠠᠳᠬᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                           ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                        2025 ᠣᠨ ᠤ 4 ᠰᠠᠷ᠎ᠠ ᠶᠢᠨ 2 ᠤᠨ ᠡᠳᠦᠷ               ᠦᠦᠰᠢᠨ ᠬᠤᠰᠢᠭᠤᠨ ᠤ 2025 ᠣᠨ ᠤ ᠬᠠᠪᠤᠷ ᠤᠨ ᠤᠯᠠᠷᠢᠯ ᠤᠨ ᠠᠯᠪᠠᠨ                ᠵᠢᠷᠤᠮ ᠤᠨ ᠮᠣᠳᠣ ᠳᠠᠷᠢᠵᠤ ᠣᠶᠢᠵᠢᠭᠤᠯᠬᠤ ᠠᠵᠢᠯ ᠤᠨ ᠲᠥᠰᠦᠯ        ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠮᠠᠨ ᠤ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠥᠬᠦ ᠬᠤᠰᠢᠭᠤᠨ ᠤ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠬᠦᠯᠬᠦ ᠶᠢ ᠠᠬᠢᠭᠤᠯᠬᠤ ᠶᠢᠨ ᠲᠥᠯᠥᠭᠡ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠰᠥᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠢ ᠠᠬᠢᠭᠤᠯᠬᠤ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ ᠬᠠᠲᠤᠨ ᠭᠤᠣᠯ ᠤᠨ ᠶᠡᠭᠡ ᠳᠤᠬᠤᠢ  ᠶᠢᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠬᠠᠷᠠᠯᠲᠠ ᠪᠣᠯᠭᠠᠵᠤ᠂ ᠣᠢ ᠰᠢᠭᠤᠢ ᠶᠢᠨ ᠳᠠᠷᠤᠭ᠎ᠠ ᠶᠢᠨ ᠳᠦᠷᠢᠮ ᠢ ᠭᠦᠨᠵᠡᠭᠡᠢ ᠠᠬᠢᠭᠤᠯᠬᠤ ᠪᠠᠷ ᠭᠠᠷᠳᠠᠴᠠ ᠪᠣᠯᠭᠠᠨ ᠣᠯᠠᠨ ᠰᠠᠯᠠᠭ᠎ᠠ ᠮᠥᠴᠢᠷ ᠢ ᠵᠣᠬᠢᠴᠠᠭᠤᠯᠵᠤ᠂ ᠨᠤᠭᠤᠭᠠᠷᠠᠭᠤᠯᠬᠤ ᠡᠭᠦᠷᠭᠡ ᠬᠠᠷᠢᠭᠤᠴᠠᠯᠭ᠎ᠠ ᠶᠢ ᠡᠷᠡᠰ ᠰᠠᠶᠢᠲᠤᠷ ᠡᠭᠦᠷᠭᠡᠯᠡᠵᠦ᠂ ᠮᠣᠳᠣ ᠲᠠᠷᠢᠵᠤ ᠣᠶᠢᠵᠢᠭᠤᠯᠬᠤ ᠶᠢ ᠦᠷᠭᠦᠯᠵᠢᠯᠡᠨ ᠥᠷᠨᠢᠭᠦᠯᠵᠦ᠂ ᠨᠤᠮᠢᠨ ᠲᠠᠩᠰᠤᠭ ᠦᠦᠰᠢᠨ ᠢ ᠬᠠᠮᠲᠤᠪᠠᠷ ᠪᠦᠲᠦᠭᠡᠨ ᠪᠠᠶᠢᠭᠤᠯᠤᠨ᠎ᠠ᠃      ᠬᠤᠶᠠᠷ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ      ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠵᠣᠬᠢᠶᠠᠨ ᠪᠠᠶᠢᠭᠤᠯᠵᠤ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠮᠡᠷᠭᠡᠵᠢᠯ ᠤᠨ ᠵᠢᠯᠣᠭᠤᠳᠤᠯᠭ᠎ᠠ ᠶᠢ ᠪᠣᠳᠠᠲᠠᠢ ᠬᠠᠷᠢᠭᠤᠴᠠᠨ᠂ ᠬᠠᠷᠢᠶᠠᠲᠤ ᠣᠷᠣᠨ ᠠᠴᠠ ᠬᠠᠮᠢᠶᠠᠷᠬᠤ ᠪᠠ ᠬᠡᠰᠡᠭ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠠᠪᠤᠷ ᠤᠨ ᠤᠯᠠᠷᠢᠯ ᠤᠨ ᠮᠣᠳᠣ ᠳᠠᠷᠢᠵᠤ ᠣᠶᠢᠵᠢᠭᠤᠯᠬᠤ ᠡᠭᠦᠷᠭᠡ ᠪᠠᠨ ᠨᠠᠷᠢᠨ ᠬᠢᠨᠠᠮᠠᠭᠠᠢ ᠪᠡᠶᠡᠯᠡᠭᠦᠯᠦᠨ᠎ᠡ᠃         ᠭᠤᠷᠪᠠ᠂ ᠠᠵᠢᠯᠯᠠᠭᠠᠨ ᠤ ᠴᠠᠭ ᠬᠤᠭᠤᠴᠠᠭ᠎ᠠ᠂ ᠭᠠᠵᠠᠷ      ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠬᠤ ᠴᠠᠭ᠄ 2025 ᠣᠨ ᠤ 4 ᠰᠠᠷ᠎ᠠ ᠶᠢᠨ 7 ᠤ ᠡᠳᠦᠷ ︱ 2025 ᠣᠨ ᠤ 4 ᠰᠠᠷ᠎ᠠ ᠶᠢᠨ 13 ᠤ ᠡᠳᠦᠷ᠂ ᠭᠠᠵᠠᠷ ᠣᠷᠣᠨ᠄ ᠦᠦᠰᠢᠨ ᠬᠤᠰᠢᠭᠤᠨ ᠤ ᠦᠤᠰᠢᠨᠵᠤᠤ ᠪᠠᠯᠭᠠᠰᠤᠨ ᠤ ᠪᠦᠷᠢᠳᠦ ᠭᠠᠴᠠᠭ᠎ᠠ᠃ ᠰᠢᠯᠭᠠᠨ ᠬᠤᠷᠢᠶᠠᠬᠤ ᠱᠠᠲᠤ ᠨᠢ 2025 ᠣᠨ ᠤ 6 ᠰᠠᠷ᠎ᠠ ᠶᠢᠨ 10 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ᠂ ᠬᠤᠰᠢᠭᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠠᠴᠠ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠰᠤᠮᠤ ᠪᠠᠯᠭᠠᠰᠤᠨ ᠤ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠤᠭᠰᠠᠨ ᠪᠠᠶᠢᠳᠠᠯ ᠢ ᠰᠢᠯᠭᠠᠨ ᠬᠤᠷᠢᠶᠠᠨ᠎ᠠ᠃      ᠳᠥᠷᠪᠡ᠂ ᠠᠵᠢᠯ ᠤᠨ ᠡᠭᠦᠷᠭᠡ       ︵ᠨᠢᠭᠡ︶ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠃ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠪᠣᠯᠣᠨ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠲᠥᠪᠯᠡᠷᠡᠭᠦᠯᠦᠨ ᠤᠶᠢᠵᠢᠭᠤᠯᠬᠤ ᠭᠠᠵᠠᠷ ᠦᠦᠰᠢᠨᠵᠤᠤ ᠪᠠᠯᠭᠠᠰᠤᠨ ᠤ ᠪᠦᠷᠢᠳᠦ ᠭᠠᠴᠠᠭᠠᠨ ᠳᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠵᠦ ᠤᠶᠢᠵᠢᠭᠤᠯᠬᠤ ᠰᠤᠶᠤᠭ᠎ᠠ ᠮᠤᠳᠤ ᠶᠢ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠢᠭᠡᠳᠦᠯᠲᠡᠢ ᠬᠠᠩᠭᠠᠨ᠎ᠠ᠃       ︵ᠬᠤᠶᠠᠷ︶ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂  ᠭᠠᠴᠠᠭ᠎ᠠ ᠲᠣᠰᠬᠤᠨ ᠵᠢᠴᠢ ᠰᠠᠭᠤᠭ᠎ᠠ ᠭᠠᠵᠠᠷ ᠤᠨ ᠠᠵᠤ ᠠᠬᠤᠶᠢᠯᠠᠯ᠃ ᠠᠯᠪᠠᠨ ᠵᠢᠷᠤᠮ ᠤᠨ ᠮᠣᠳᠣ ᠲᠠᠷᠢᠬᠤ ᠭᠠᠵᠠᠷ ᠢᠶᠠᠨ ᠥᠪᠡᠷᠲᠡᠭᠡᠨ ᠵᠣᠬᠢᠴᠠᠭᠤᠯᠬᠤ ᠶᠢᠨ ᠬᠠᠮᠲᠤ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠵᠤ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠰᠤᠮᠤ ᠪᠠᠯᠭᠠᠰᠤ ᠲᠣᠰ ᠲᠣᠰ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ 100 ᠮᠦ ᠪᠡᠶᠡᠯᠡᠭᠦᠯᠦᠨ ᠡᠯ᠎ᠡ ᠭᠠᠴᠠᠭ᠎ᠠ ᠲᠣᠰᠬᠤᠨ ᠪᠠ ︽3+1︾ ᠬᠠᠷᠢᠯᠴᠠᠨ ᠬᠠᠪᠰᠤᠷᠤᠯᠴᠠᠬᠤ ᠨᠢᠭᠡᠴᠢ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ 30 ᠮᠦ ᠪᠡᠶᠡᠯᠡᠭᠦᠯᠦᠨ᠎ᠡ᠃ ᠣᠶᠢᠵᠢᠭᠤᠯᠬᠤ ᠡᠭᠦᠷᠭᠡ ᠲᠣᠬᠢᠷᠠᠭᠤᠯᠤᠭᠰᠠᠨ ᠦᠭᠡᠢ ᠠᠵᠤ ᠠᠬᠤᠶᠢᠯᠠᠯ ᠢ ᠬᠠᠷᠢᠶᠠᠲᠤ ᠰᠤᠮᠤ ᠪᠠᠯᠭᠠᠰᠤ ᠠᠴᠠ ᠨᠢ ᠬᠠᠷᠢᠭᠤᠴᠠᠨ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠠᠵᠢᠯ ᠢ ᠵᠣᠬᠢᠶᠠᠨ ᠪᠠᠶᠢᠭᠤᠯᠵᠤ᠂ ᠰᠣᠶᠤᠭ᠎ᠠ ᠮᠣᠳᠣ ᠶᠢ ᠠᠵᠤ ᠠᠬᠤᠶᠢᠯᠠᠯ ᠥᠪᠡᠰᠦᠪᠡᠨ ᠪᠡᠯᠡᠳᠬᠡᠨ᠎ᠡ᠃       ︵ᠭᠤᠷᠪᠠ︶ ᠬᠤᠰᠢᠭᠤ ᠵᠡᠪᠰᠡᠭᠲᠦ ᠬᠦᠴᠦᠨ ᠤ ᠬᠡᠯᠲᠡᠰ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠃ ︽ᠬᠤᠶᠠᠷ ᠢ ᠬᠦᠷᠢᠶᠡᠯᠡᠬᠦ ᠤᠢ︾ ︽ᠴᠡᠷᠢᠭ ᠠᠴᠠ ᠬᠠᠯᠠᠭᠳᠠᠭᠰᠠᠳ ᠤᠨ ᠤᠢ︾ ᠶᠢᠨ ᠮᠣᠳᠣ ᠲᠠᠷᠢᠬᠤ ᠰᠠᠭᠤᠷᠢᠨ ᠭᠠᠵᠠᠷ ᠲᠤ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠤᠨ᠎ᠡ᠃      ︵ᠲᠦᠷᠪᠡ︶ ᠨᠡᠶᠢᠭᠡᠮ ᠤᠨ ᠪᠦᠯᠬᠦᠮ ᠵᠢᠴᠢ ᠥᠷᠭᠡᠨ ᠣᠯᠠᠨ ᠮᠠᠯᠴᠢᠨ ᠲᠠᠷᠢᠶᠠᠴᠢᠨ᠃ ︽ᠨᠠᠮ ᠤᠨ ᠭᠡᠰᠢᠭᠦᠨ ᠤ ᠣᠶ︾᠂ ︽ᠴᠢᠳᠠᠪᠤᠷᠢᠲᠠᠨ ᠤ ᠣᠶ︾᠂ ︽ᠵᠣᠯ ᠵᠢᠷᠭᠠᠯᠲᠤ ᠣᠢ︾᠂ ︽ᠵᠠᠯᠠᠭᠤᠴᠤᠳ ᠤᠨ ᠣᠢ︾᠂ ︽ᠡᠮᠡᠭᠲᠡᠶᠢᠴᠦᠳ ᠤᠨ ᠣᠢ︾᠂ ︽ᠡᠴᠢᠭᠡ ᠡᠬᠡ ᠦᠷ᠎ᠡ ᠬᠡᠦᠬᠡᠳ ᠬᠠᠮᠵᠢᠯᠴᠠᠨ ᠳᠠᠷᠢᠵᠤ ᠣᠶᠢᠵᠢᠭᠤᠯᠬᠤ ᠣᠢ︾᠂ ︽ᠡᠷᠦᠬᠡ ᠶᠢᠨ ᠴᠡᠷᠢᠭ ᠤᠨ ᠣᠢ︾᠂ ︽ᠠᠵᠤ ᠠᠬᠤᠶᠢᠯᠠᠯ ᠪᠠ ᠣᠷᠣᠨ ᠨᠤᠲᠤᠭ ᠤᠨ ᠬᠢᠨ ᠬᠠᠷᠢᠯᠴᠠᠨ ᠬᠠᠪᠰᠣᠷᠣᠯᠴᠠᠨ ᠳᠠᠷᠢᠵᠣ ᠣᠶᠢᠵᠢᠭᠤᠯᠬᠤ ᠣᠢ︾ ᠵᠡᠷᠭᠡ ᠭᠤᠤᠯ ᠰᠡᠳᠦᠪᠲᠦ ᠣᠶᠢᠵᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ᠮᠣᠳᠣ ᠳᠠᠷᠢᠬᠤ ᠭᠠᠵᠠᠷ ᠢ ᠥᠪᠡᠰᠦᠪᠡᠨ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠡᠰᠡᠭ ᠰᠤᠶᠤᠭ᠎ᠠ ᠮᠣᠳᠣ ᠬᠠᠩᠭᠠᠬᠤ ᠶᠢ ᠬᠠᠷᠢᠭᠤᠴᠠᠨ᠎ᠠ᠃ ᠥᠷᠭᠡᠨ ᠣᠯᠠᠨ ᠮᠠᠯᠴᠢᠨ ᠲᠠᠷᠢᠶᠠᠴᠢᠨ ᠤ ᠭᠡᠷ ᠤᠨ ᠢᠶᠠᠨ ᠬᠠᠵᠠᠭᠤ ᠪᠠᠷ ᠮᠣᠳᠣ ᠲᠠᠷᠢᠬᠤ ᠶᠢᠨ ᠬᠠᠮᠲᠤ ᠰᠤᠮᠤ ᠪᠠᠯᠭᠠᠰᠤ ᠪᠣᠯᠣᠨ ᠭᠠᠴᠠᠭ᠎ᠠ ᠲᠣᠰᠬᠤᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠳᠤ ᠣᠷᠤᠯᠴᠠᠬᠤ ᠶᠢ ᠵᠣᠷᠢᠭᠵᠢᠭᠤᠯᠤᠨ᠎ᠠ᠃        ︵ᠲᠠᠪᠤ︶ ︽ᠪᠦᠬᠦ ᠠᠷᠡᠳ ᠤᠨ ᠠᠯᠪᠡᠨ ᠵᠢᠷᠦᠮ ᠤᠨ ᠮᠣᠳᠣ ᠲᠠᠷᠢᠬᠤ ᠬᠠᠷᠢᠭᠤᠴᠠᠯᠭ᠎ᠠ ᠪᠠᠨ ᠬᠦᠢᠴᠡᠳᠭᠡᠬᠦ ᠬᠠᠮᠢᠶᠡᠷᠦᠯᠳᠡ ᠶᠢᠨ ᠠᠷᠭ᠎ᠠ ︵ᠲᠣᠷᠰᠢᠨ ᠭᠡᠷᠡᠭᠵᠢᠬᠦᠯᠬᠦ︶ ᠶᠢ ᠲᠠᠷᠣᠮᠠᠯᠯᠠᠨ ᠳᠠᠷᠬᠠᠭᠠᠬᠤ ᠲᠣᠬᠠᠢ ᠪᠦᠬᠦ ᠣᠯᠥᠰ ᠤᠨ ᠨᠣᠭᠤᠭᠠᠷᠡᠭᠤᠯᠥᠯᠳᠡ ᠶᠢᠨ ᠵᠦᠪᠯᠡᠯ ᠤᠨ ᠮᠡᠳᠡᠭᠳᠡᠯ︾ ︵ᠪᠦᠬᠦ ᠨᠣᠭᠤᠭᠠᠷᠡᠭᠤᠯᠥᠯᠳᠡ ᠦᠰᠦᠭ ﹇2017﹈ 6 ᠳ᠋ᠣᠭᠠᠷ ᠲᠣᠭᠠᠳᠣ᠂ ᠲᠣᠣᠷ᠎ᠠ ︽ᠬᠠᠷᠢᠭᠤᠴᠠᠯᠭ᠎ᠠ ᠪᠠᠨ ᠬᠦᠢᠴᠡᠳᠭᠡᠬᠦ ᠠᠷᠭ᠎ᠠ︾ ᠭᠡᠵᠤ ᠨᠡᠷᠡᠶᠢᠳᠦᠨ᠎ᠡ︶ ᠤᠨ ᠪᠢᠴᠢᠭ ᠮᠠᠲ᠋ᠧᠷᠢᠶᠠᠯ  ᠤᠨ ᠱᠠᠭᠠᠷᠳᠠᠯᠭ᠎ᠠ ᠶᠤᠰᠤᠭᠠᠷ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠳᠣᠤᠷᠠᠬᠢ 8 ᠵᠦᠢᠯ ᠤᠨ ᠬᠡᠯᠪᠡᠷᠢ ᠪᠠᠷ ᠪᠡᠶᠡᠯᠡᠭᠦᠯᠦᠨ᠎ᠡ᠃      ⒈ᠣᠶᠢᠵᠢᠭᠤᠯᠵᠤ ᠨᠣᠭᠤᠭᠠᠷᠠᠭᠤᠯᠬᠤ ᠲᠥᠷᠥᠯ᠃ ᠲᠤᠷᠤᠭ ᠮᠤᠳᠤ᠂ ᠪᠤᠳᠠ ᠮᠣᠳᠣ ᠪᠠ ᠡᠪᠡᠰᠤ ᠤᠷᠭᠤᠮᠠᠯ ᠤᠨ ᠬᠤᠴᠢᠯᠭ᠎ᠠ ᠶᠢᠨ ᠰᠤᠶᠤᠭ᠎ᠠ ᠮᠣᠳᠣ ᠪᠤᠶᠢᠵᠢᠭᠤᠯᠬᠤ᠂ ᠲᠠᠷᠢᠬᠤ ᠪᠦᠬᠦ ᠶᠠᠪᠤᠴᠠ ᠪᠤᠶᠤ ᠬᠡᠰᠡᠭ ᠶᠠᠪᠤᠴᠠ ᠶᠢᠨ ᠬᠥᠳᠡᠯᠮᠦᠷᠢ ᠳᠤ ᠰᠢᠭᠤᠳ ᠣᠷᠣᠯᠴᠠᠨ᠎ᠠ᠃      ⒉ ᠠᠷᠠᠴᠢᠯᠠᠨ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ ᠲᠥᠷᠥᠯ᠃ ᠣᠳᠣ ᠶᠢᠨ ᠪᠠᠶᠢᠭ᠎ᠠ ᠲᠤᠷᠤᠭ ᠮᠣᠳᠣ᠂ ᠪᠤᠳᠠ ᠮᠣᠳᠣ᠂ ᠡᠪᠡᠰᠤ ᠤᠷᠭᠤᠮᠠᠯ ᠤᠨ ᠬᠤᠴᠢᠯᠭ᠎ᠠ ᠶᠢᠨ ᠡᠯᠳᠡᠪ ᠡᠪᠡᠰᠦ ᠶᠢ ᠠᠷᠢᠯᠭᠠᠬᠤ᠂ ᠤᠰᠤᠯᠠᠬᠤ᠂ ᠬᠥᠷᠥᠰᠥ ᠶᠢ ᠰᠤᠯᠠᠯᠠᠵᠤ ᠪᠣᠷᠳᠣᠭᠤᠷ ᠣᠷᠣᠭᠤᠯᠬᠤ᠂ ᠬᠥᠨᠥᠭᠡᠯ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠰᠠᠯᠠᠭ᠎ᠠ ᠨᠠᠮᠠᠭ᠎ᠠ ᠶᠢ ᠬᠠᠶᠢᠴᠢᠯᠠᠨ ᠵᠠᠰᠠᠬᠤ᠂ ᠰᠤᠶᠤᠭ᠎ᠠ ᠮᠤᠳᠤ ᠶᠢ ᠰᠢᠩᠭᠡᠯᠡᠬᠦ ᠵᠡᠷᠭᠡ ᠠᠷᠠᠴᠢᠯᠠᠨ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ ᠠᠵᠢᠯᠯᠠᠭ᠎ᠠ ᠶᠢᠨ ᠪᠦᠬᠦ ᠶᠠᠪᠤᠴᠠ ᠪᠤᠶᠤ ᠬᠡᠰᠡᠭ ᠶᠠᠪᠤᠴᠠ ᠶᠢᠨ ᠬᠥᠳᠡᠯᠮᠦᠷᠢ ᠳᠤ ᠣᠷᠣᠯᠴᠠᠨ᠎ᠠ᠃      ⒊ ᠪᠠᠶᠢᠭᠠᠯᠢ ᠶᠢᠨ ᠬᠠᠮᠠᠭᠠᠯᠠᠯᠲᠠ ᠶᠢᠨ ᠲᠥᠷᠥᠯ᠃ ᠬᠤᠯᠪᠣᠭᠳᠠᠯ ᠪᠦᠬᠦᠢ ᠳᠦᠷᠢᠮᠵᠢᠯ ᠤᠨ ᠱᠠᠭᠠᠷᠳᠠᠯᠭ᠎ᠠ ᠶᠣᠰᠣᠭᠠᠷ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠵᠤ᠂ ᠲᠠᠴᠢᠷᠳᠠᠭᠰᠠᠨ ᠪᠤᠶᠤ ᠡᠪᠳᠡᠭᠳᠡᠭᠰᠡᠨ ᠭᠠᠵᠠᠷ ᠰᠢᠷᠣᠶ ᠶᠢᠨ ᠪᠠᠶᠢᠭᠠᠯᠢ ᠶᠢᠨ ᠠᠮᠢ ᠠᠬᠤᠶ ᠶᠢᠨ ᠴᠢᠳᠠᠮᠵᠢ ᠶᠢ ᠰᠡᠷᠭᠦᠭᠡᠬᠦ ᠪᠦᠬᠦ ᠶᠠᠪᠤᠴᠠ ᠪᠤᠶᠤ ᠬᠡᠰᠡᠭ ᠶᠠᠪᠤᠴᠠ ᠶᠢᠨ ᠬᠥᠳᠡᠯᠮᠦᠷᠢ ᠳᠤ ᠦᠪᠡᠷ ᠤᠨ ᠪᠡᠶ᠎ᠡ ᠪᠠᠷ ᠢᠶᠠᠨ ᠤᠷᠤᠯᠴᠠᠨ᠎ᠠ᠃      ⒋ᠬᠤᠪᠢᠳᠠᠨ ᠲᠠᠷᠢᠵᠤ ᠬᠤᠪᠢᠳᠠᠨ ᠬᠠᠮᠠᠭᠠᠯᠠᠬᠤ ᠲᠥᠷᠥᠯ᠃ ᠰᠢᠭᠤᠳ ᠬᠦᠴᠦ ᠬᠥᠳᠡᠯᠮᠦᠷᠢ ᠣᠷᠣᠭᠤᠯᠬᠤ ᠪᠤᠶᠤ ᠡᠳ᠋ ᠮᠥᠩᠭᠦ ᠲᠤᠰᠠᠯᠠᠬᠤ ᠪᠠᠷ ᠬᠥᠳᠡᠯᠮᠦᠷᠢᠯᠡᠬᠦ ᠶᠢ ᠤᠷᠤᠯᠠᠭᠤᠯᠬᠤ ᠪᠠᠷ ᠳᠠᠮᠵᠢᠵᠤ᠂ ᠵᠢᠭᠠᠨ ᠲᠣᠭᠲᠠᠭᠠᠭᠰᠠᠨ ᠭᠠᠵᠠᠷ ᠲᠤ ᠲᠤᠷᠤᠭ ᠮᠤᠳᠤ᠂ ᠪᠤᠳᠠ ᠮᠤᠳᠤ᠂ ᠡᠪᠡᠰᠦ ᠤᠷᠭᠤᠮᠠᠯ ᠤᠨ ᠬᠤᠴᠢᠯᠭ᠎ᠠ ᠶᠢ ᠰᠢᠨ᠎ᠡ ᠪᠠᠷ ᠪᠠᠶᠢᠭᠤᠯᠬᠤ ᠪᠤᠶᠤ ᠵᠢᠭᠠᠨ ᠲᠣᠭᠲᠠᠭᠠᠭᠰᠠᠨ ᠲᠤᠷᠤᠭ ᠮᠤᠳᠤ᠂ ᠪᠤᠳᠠ ᠮᠤᠳᠤ᠂ ᠡᠪᠡᠰᠤ ᠤᠷᠭᠤᠮᠠᠯ ᠤᠨ ᠬᠤᠴᠢᠯᠭ᠎ᠠ ᠳᠤ ᠨᠡᠷ᠎ᠡ ᠬᠠᠳᠠᠬᠤ ᠪᠤᠶᠤ ᠨᠡᠷ᠎ᠡ ᠬᠠᠳᠠᠬᠤ ᠪᠤᠰᠤ ᠪᠠᠷ ᠠᠷᠠᠴᠢᠯᠠᠨ ᠬᠠᠮᠠᠭᠠᠯᠠᠨ᠎ᠠ᠃      ⒌ᠲᠦᠬᠦᠭᠡᠷᠦᠮᠵᠢ ᠶᠢ ᠰᠡᠯᠪᠢᠨ ᠵᠠᠰᠠᠬᠤ ᠲᠥᠷᠥᠯ᠃ ᠮᠡᠷᠭᠡᠵᠢᠯ ᠤᠨ ᠠᠵᠢᠯᠲᠠᠨ ᠤ ᠵᠢᠯᠣᠭᠤᠳᠤᠯᠭ᠎ᠠ ᠳᠣᠤᠷ᠎ᠠ᠂ ᠣᠶ ᠰᠢᠭᠤᠶ ᠳᠤ ᠠᠵᠢᠯᠯᠠᠬᠤ ᠵᠠᠮ᠂ ᠣᠶ ᠰᠢᠭᠤᠶ ᠶᠢᠨ ᠭᠠᠯ ᠰᠡᠷᠭᠡᠶᠢᠯᠡᠬᠦ ᠪᠦᠰᠡ᠂ ᠣᠶ ᠰᠢᠭᠤᠶ ᠶᠢᠨ ᠴᠡᠴᠡᠷᠯᠢᠭ ᠤᠨ ᠶᠠᠪᠠᠭᠠᠨ ᠵᠠᠮ᠂ ᠨᠣᠭᠤᠭᠠᠨ ᠭᠠᠵᠠᠷ ᠤᠨ ᠤᠰᠤᠯᠠᠯᠲᠠ ᠶᠢᠨ ︵ᠦᠶᠡᠷ ᠭᠠᠳᠠᠭᠰᠢᠯᠠᠭᠤᠯᠬᠤ︶ ᠰᠤᠪᠠᠭ ᠵᠢᠴᠢ ᠡᠯ᠎ᠡ ᠲᠥᠷᠥᠯ ᠤᠨ ᠨᠣᠭᠤᠭᠠᠨ ᠭᠠᠵᠠᠷ ᠢᠶᠠᠷ ᠵᠤᠭᠠᠴᠠᠨ ᠠᠮᠠᠷᠠᠬᠤ᠂ ᠦᠢᠯᠡᠴᠢᠯᠡᠬᠦ᠂ ᠬᠠᠮᠢᠶᠠᠷᠬᠤ ᠳᠦᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠶᠢᠨ ᠪᠦᠬᠦ ᠶᠠᠪᠤᠴᠠ ᠪᠤᠶᠤ ᠬᠡᠰᠡᠭ ᠶᠠᠪᠤᠴᠠ ᠶᠢᠨ ᠬᠥᠳᠡᠯᠮᠦᠷᠢ ᠳᠤ ᠤᠷᠤᠯᠴᠠᠨ᠎ᠠ᠃      ⒍ᠡᠳ᠋ ᠮᠥᠩᠭᠦ ᠪᠠᠷ ᠲᠤᠰᠠᠯᠠᠬᠤ ᠲᠥᠷᠥᠯ᠃ ᠬᠠᠤᠯᠢ ᠶᠣᠰᠣᠭᠠᠷ ᠢᠯᠡ ᠪᠠᠷ ᠳᠤᠰᠠᠯᠠᠮᠵᠢ ᠴᠤᠭᠯᠠᠭᠤᠯᠬᠤ ᠵᠣᠬᠢᠶᠠᠨ ᠪᠠᠶᠢᠭᠤᠯᠤᠯᠲᠠ ᠳᠤ ᠰᠠᠶᠢᠨ ᠳᠤᠷ᠎ᠠ ᠠᠴᠠ ᠪᠠᠨ ᠲᠤᠰᠠᠯᠠᠨ ᠬᠦᠷᠭᠡᠭᠰᠡᠨ ᠪᠡᠯᠡ ᠮᠥᠩᠭᠦ ᠶᠢ ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠳᠤ ᠬᠡᠷᠡᠭᠯᠡᠬᠦ ᠪᠤᠶᠤ ᠲᠤᠬᠠᠶ ᠶᠢᠨ ᠭᠠᠵᠠᠷ ᠤᠨ ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠳᠤ ᠪᠠᠴᠢᠮ ᠬᠡᠷᠡᠭᠯᠡᠬᠦ ᠡᠳ᠋ ᠪᠣᠳᠠᠰ ᠲᠤ ᠬᠡᠷᠡᠭᠯᠡᠨ᠎ᠡ᠃      ⒎ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ᠃ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠣᠷᠣᠯᠴᠠᠬᠤ ᠪᠤᠶᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠯᠤᠭ᠎ᠠ ᠬᠤᠯᠪᠣᠭᠳᠠᠬᠤ ᠲᠦᠭᠡᠮᠡᠯᠵᠢᠭᠦᠯᠦᠨ ᠳᠡᠯᠭᠡᠷᠡᠭᠦᠯᠬᠦ᠂ ᠪᠣᠯᠪᠠᠰᠤᠷᠠᠭᠤᠯᠤᠨ ᠵᠢᠯᠣᠭᠤᠳᠬᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠠᠮᠢᠶᠠᠷᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠨ᠎ᠠ᠃      ⒏ᠪᠤᠰᠤᠳ ᠲᠥᠷᠥᠯ᠃ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠲᠠ ᠲᠠᠢ ᠬᠤᠯᠪᠤᠭᠳᠠᠬᠤ ᠪᠤᠰᠤᠳ ᠬᠥᠳᠡᠯᠮᠦᠷᠢ ᠪᠤᠶᠤ ᠬᠤᠪᠢ ᠨᠡᠮᠡᠷᠢ ᠦᠵᠡᠬᠦᠯᠦᠨ᠎ᠡ᠃      ᠲᠠᠪᠤ᠂ ᠮᠡᠷᠭᠡᠵᠢᠯ ᠤᠨ ᠱᠠᠭᠠᠷᠳᠠᠯᠭ᠎ᠠ       ︵ᠨᠢᠭᠡ︶ ᠰᠣᠶᠤᠭ᠎ᠠ ᠮᠣᠳᠣᠨ ᠤ ᠬᠠᠩᠭᠠᠯᠭ᠎ᠠ᠃ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠢᠯ ᠦᠢᠯᠡᠰ ᠤᠨ ᠨᠢᠭᠡᠴᠢ ᠶᠢᠨ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠡᠯᠡᠰᠦᠨ ᠬᠠᠯᠬᠠᠪᠴᠢ ᠪᠣᠰᠬᠠᠬᠤ ᠮᠠᠲ᠋ᠧᠷᠢᠶᠠᠯ ᠪᠠ ᠰᠤᠶᠤᠭ᠎ᠠ ᠮᠤᠳᠤ ᠶᠢ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠢᠭᠡᠳᠦᠯᠲᠡᠢ ᠬᠠᠩᠭᠠᠵᠤ᠂ ᠡᠯ᠎ᠡ ᠪᠠᠶᠢᠭᠤᠯᠭ᠎ᠠ ᠨᠢᠭᠡᠴᠢ ᠮᠣᠳᠣ ᠲᠠᠷᠢᠬᠤ ᠪᠠᠭᠠᠵᠢ ᠬᠡᠷᠡᠭᠰᠡᠯ ᠢᠶᠠᠨ ᠥᠪᠠᠰᠤᠪᠡᠨ ᠪᠡᠯᠡᠳᠬᠡᠨ᠎ᠡ᠃ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠠᠵᠤ ᠠᠬᠤᠶᠢᠯᠠᠯ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠰᠣᠶᠤᠭ᠎ᠠ ᠮᠣᠳᠣ ᠪᠠᠨ ᠥᠪᠡᠰᠦᠪᠡᠨ ᠪᠡᠯᠡᠳᠬᠡᠨ᠎ᠡ᠃ ᠣᠶᠢᠵᠢᠭᠤᠯᠬᠤ ᠢᠳᠡᠪᠬᠢᠵᠢᠯ ᠲᠠᠢ ᠮᠠᠯᠴᠢᠨ ᠲᠠᠷᠢᠶᠠᠴᠢᠨ᠂ ᠣᠶᠢᠵᠢᠭᠤᠯᠤᠯᠲᠠ ᠶᠢᠨ ᠵᠢᠱᠢᠶ᠎ᠡ ᠦᠵᠡᠭᠦᠯᠬᠦ ᠡᠷᠦᠬᠡ ᠵᠡᠷᠭᠡ ᠳᠤ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠡᠰᠡᠭ ᠰᠣᠶᠤᠭ᠎ᠠ ᠮᠣᠳᠣ ᠶᠢ ᠬᠠᠩᠭᠠᠵᠤ ᠪᠣᠯᠣᠨ᠎ᠠ᠃      ︵ᠬᠤᠶᠠᠷ︶ ᠭᠠᠵᠠᠷ ᠤᠷᠤᠨ ᠤ ᠰᠤᠩᠭᠤᠯᠲᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠬᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠬᠤ᠂ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠬᠤ ᠵᠡᠷᠭᠡ ᠰᠢᠷᠢᠰ ᠰᠢᠢᠳᠪᠦᠷᠢᠲᠦ ᠪᠣᠳᠣᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠭᠠᠵᠠᠷ ᠤᠷᠤᠨ ᠢᠶᠠᠨ ᠰᠤᠩᠭᠤᠨ᠎ᠠ᠃      ︵ ᠭᠤᠷᠪᠠ︶ ᠰᠣᠶᠤᠭ᠎ᠠ ᠮᠣᠳᠣᠨ ᠤ ᠱᠠᠭᠠᠷᠳᠠᠯᠭ᠎ᠠ᠃ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠲᠠᠷᠢᠬᠤ ᠵᠠᠷᠴᠢᠮ ᠢ ᠪᠠᠷᠢᠮᠲᠠᠯᠠᠨ ᠲᠤᠷᠤᠭ ᠮᠣᠳᠣ ᠲᠠᠷᠢᠬᠤ ᠳᠤ ᠲᠣᠬᠢᠷᠠᠮᠵᠢᠲᠠᠢ ᠪᠣᠯ ᠲᠤᠷᠤᠭ ᠮᠣᠳᠣ ᠲᠠᠷᠢᠵᠤ᠂ ᠪᠤᠳᠠ ᠮᠣᠳᠣ ᠲᠠᠷᠢᠬᠤ ᠳᠤ ᠲᠣᠬᠢᠷᠠᠮᠵᠢᠲᠠᠢ ᠪᠣᠯ ᠪᠤᠳᠠ ᠮᠣᠳᠣ ᠲᠠᠷᠢᠬᠤ ᠶᠢ ᠪᠠᠷᠢᠮᠲᠠᠯᠠᠨ᠎ᠠ ᠃ ᠪᠣᠶ ᠪᠥᠬᠦᠶ ᠰᠤᠶᠤᠭ᠎ᠠ ᠮᠣᠳᠣ ᠶᠢ  ᠳᠤᠬᠠᠢ ᠶᠢᠨ ᠭᠠᠵᠠᠷ ᠤᠷᠤᠨ ᠤ ᠰᠤᠶᠤᠭ᠎ᠠ ᠮᠣᠳᠣ ᠬᠡᠷᠡᠭᠯᠡᠬᠦ ᠪᠠᠷ ᠭᠤᠤᠯ ᠪᠣᠯᠭᠠᠵᠤ᠂ ᠣᠶᠢᠷ᠎ᠠ ᠬᠠᠪᠢ ᠳᠤᠨᠢ ᠰᠢᠯᠵᠢᠭᠦᠯᠦᠨ ᠲᠡᠭᠡᠭᠡᠪᠦᠷᠢᠯᠡᠵᠦ᠂ ᠣᠨᠴᠠᠭᠠᠶ ᠰᠤᠶᠤᠭ᠎ᠠ ᠬᠡᠷᠡᠭᠯᠡᠬᠦ ᠠᠴᠠ ᠭᠠᠳᠠᠨ᠎ᠠ᠂ ᠭᠠᠳᠠᠷ ᠣᠷᠣᠨ ᠠᠴᠠ ᠰᠤᠶᠤᠭ᠎ᠠ ᠰᠢᠯᠵᠢᠭᠦᠯᠤᠨ ᠠᠪᠴᠢᠷᠠᠵᠤ ᠪᠣᠯᠬᠤ ᠥᠬᠡᠶ᠃ ᠰᠤᠶᠤᠭ᠎ᠠ ᠮᠣᠳᠣ ᠶᠢ ᠰᠢᠯᠭᠠᠨ ᠪᠠᠶᠢᠴᠠᠭᠠᠬᠤ᠂ ᠬᠢᠵᠢᠭ ᠪᠠᠶᠢᠴᠠᠭᠠᠬᠤ ᠠᠵᠢᠯ ᠢ ᠴᠢᠩᠭᠠᠳᠭᠠᠵᠤ᠂ ᠬᠢᠷᠢ ᠲᠡᠩᠴᠡᠬᠦ ᠦᠭᠡᠶ ᠰᠤᠶᠤᠭ᠎ᠠ ᠮᠣᠳᠣ ᠶᠢ ᠨᠣᠭᠤᠭᠠᠷᠠᠭᠤᠯᠬᠤ ᠳᠤ ᠬᠡᠷᠡᠭᠯᠡᠵᠦ ᠪᠣᠯᠬᠤ ᠦᠭᠡᠶ᠂ ᠬᠢᠵᠢᠭ ᠤᠨ ᠣᠷᠣᠨ ᠠᠴᠠ ᠰᠤᠶᠤᠭ᠎ᠠ ᠠᠪᠴᠢᠷᠠᠬᠤ ᠶᠢ ᠴᠠᠭᠠᠵᠠᠯᠠᠨ᠎ᠠ᠃ ᠥᠷᠭᠡᠨ ᠨᠠᠪᠴᠢᠲᠤ ᠲᠤᠷᠤᠭ ᠮᠣᠳᠣᠨ ᠤ ᠰᠣᠶᠤᠭ᠎ᠠ ᠶᠢᠨ ᠡᠰᠢ ᠨᠢ ᠰᠢᠳᠤᠷᠭᠤ᠂ ᠦᠨᠳᠦᠰᠦ ᠨᠢ ᠪᠦᠷᠢᠨ ᠪᠦᠲᠦᠨ᠂ ᠰᠢᠯᠮᠦᠦᠰᠦᠲᠦ ᠮᠣᠳᠣᠨ ᠤ ᠰᠣᠶᠤᠭ᠎ᠠ ᠶᠢᠨ ᠣᠷᠣᠢ ᠶᠢᠨ ᠰᠣᠶᠣᠭᠠᠯᠠᠭᠰᠠᠨ ᠬᠡᠰᠡᠭ ᠨᠢ ᠳᠦᠭᠦᠷᠡᠩ᠂ ᠳᠠᠪᠬᠤᠷᠭ᠎ᠠ ᠶᠢᠨ ᠬᠤᠭᠤᠷᠣᠨᠳᠣᠬᠢ ᠵᠠᠢ ᠨᠢ ᠲᠣᠬᠢᠷᠠᠮᠵᠢᠲᠠᠢ᠂ ᠲᠢᠲᠢᠮ ᠬᠡᠯᠪᠡᠷᠢ ᠨᠢ ᠪᠦᠷᠢᠨ ᠪᠦᠲᠦᠨ᠂ ᠪᠤᠳᠠ ᠮᠣᠳᠣᠨ ᠤ ᠰᠣᠶᠤᠭ᠎ᠠ ᠨᠢ ᠮᠠᠰᠢᠨ ᠮᠧᠬᠠᠨᠢᠭ ᠲᠤ ᠭᠡᠮᠲᠦᠭᠰᠡᠨ ᠦᠭᠡᠢ᠂ ᠡᠪᠡᠳᠴᠢᠨ ᠬᠤᠷᠣᠬᠠᠢ ᠶᠢᠨ ᠬᠥᠨᠥᠭᠡᠯ ᠦᠭᠡᠢ ᠪᠠᠶᠢᠵᠤ᠂ ᠵᠢᠭᠠᠷᠲᠤ ᠨᠠᠷᠠᠰᠤ ᠨᠢ ᠰᠢᠮ᠎ᠡ ᠲᠡᠵᠢᠭᠡᠯ ᠤᠨ ᠴᠣᠮᠣ ᠲᠠᠢ ᠪᠠᠶᠢᠬᠤ ᠬᠡᠷᠡᠭᠲᠡᠢ᠃        ︵ᠲᠦᠷᠪᠡ ︶ ᠵᠠᠶᠢᠯᠠᠬᠤ ᠱᠠᠭᠠᠷᠳᠠᠯᠭ᠎ᠠ᠃ ᠲᠤᠷᠤᠭ ᠮᠣᠳᠣᠨ ᠤ ᠮᠥᠷ ᠤᠨ ᠵᠠᠢ ᠨᠢ 4m × 4m᠂ ᠪᠤᠳᠠ ᠮᠣᠳᠣᠨ ᠤ ᠮᠥᠷ ᠤᠨ ᠵᠠᠢ ᠨᠢ 1m × 4m ᠪᠠᠶᠢᠵᠤ᠂ ᠡᠯᠡᠰᠦᠨ ᠬᠠᠯᠬᠠᠪᠴᠢ ᠶᠢ 4m ᠤᠨ ᠵᠠᠢ ᠲᠠᠢ ᠲᠣᠬᠢᠷᠠᠭᠤᠯᠵᠤ ᠪᠤᠷᠭᠠᠰᠤ ᠶᠢ ᠰᠣᠯᠪᠢᠴᠠᠭᠤᠯᠤᠨ ᠬᠠᠳᠬᠤᠵᠤ ᠡᠯᠡᠰᠦᠨ ᠬᠠᠯᠬᠠᠪᠴᠢ ᠶᠢ ᠲᠣᠭᠲᠠᠭᠠᠨ᠂ ᠲᠣᠭᠲᠠᠭᠠᠬᠤ ᠵᠠᠢ ᠶᠢ 2m ᠤᠨ ᠵᠠᠢ ᠲᠠᠢ ᠪᠠᠶᠢᠯᠭᠠᠨ᠎ᠠ᠃       ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ ᠮᠡᠳᠡᠭᠳᠡᠯ ᠤᠨ ᠱᠠᠭᠠᠷᠳᠠᠯᠭ᠎ᠠ ᠶᠣᠰᠣᠭᠠᠷ 2025 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠵᠤ ᠣᠶᠢᠵᠢᠭᠤᠯᠵᠤ ᠨᠣᠭᠤᠭᠠᠷᠠᠭᠤᠯᠬᠤ ᠠᠵᠢᠯᠯᠠᠭ᠎ᠠ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ ᠡᠭᠦᠷᠭᠡ ᠶᠢ ᠬᠥᠮᠦᠨ᠂ ᠬᠠᠷᠢᠭᠤᠴᠠᠯᠭ᠎ᠠ ᠶᠢ ᠬᠥᠮᠦᠨ ᠪᠦᠷᠢ ᠳᠤ ᠨᠠᠶᠢᠳᠠᠪᠤᠷᠢᠵᠢᠭᠤᠯᠵᠤ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠡᠭᠦᠷᠭᠡ ᠶᠢ ᠪᠡᠶᠡᠯᠡᠭᠦᠯᠤᠨ᠎ᠡ᠃ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠰᠣᠶᠤᠭ᠎ᠠ ᠮᠣᠳᠣ ᠶᠢ ᠰᠢᠯᠭᠠᠨ ᠬᠢᠨᠠᠬᠤ᠂ ᠮᠡᠷᠭᠡᠵᠢᠯ ᠤᠨ ᠵᠢᠯᠣᠭᠤᠳᠤᠯᠭ᠎ᠠ ᠬᠢᠬᠦ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠬᠤᠰᠢᠭᠤ ᠨᠠᠮ ᠵᠠᠰᠠᠭ ᠤᠨ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠲᠠᠢ ᠬᠠᠮᠲᠤᠷᠠᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ︔ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠦᠪ ᠠᠯᠪᠠᠨ ᠵᠢᠷᠤᠮ ᠤᠨ ᠮᠣᠳᠣ ᠳᠠᠷᠢᠬᠤ ᠶᠢ ᠤᠬᠠᠭᠤᠯᠤᠨ ᠮᠡᠳᠡᠭᠡᠯᠡᠬᠦ ᠠᠵᠢᠯ ᠢ ᠬᠠᠷᠢᠭᠤᠴᠠᠨ᠎ᠠ︔ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠮᠣᠳᠣ ᠳᠠᠷᠢᠬᠤ ᠬᠤᠭᠤᠴᠠᠭᠠᠨ ᠳᠠᠬᠢ ᠵᠠᠮ ᠳᠠᠭᠠᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃       ︵ᠬᠤᠶᠠᠷ︶ ᠲᠠᠷᠢᠵᠤ ᠵᠠᠶᠢᠯᠠᠬᠤ ᠶᠠᠰᠤ ᠴᠢᠨᠠᠷ ᠢ ᠦᠨᠡᠨᠬᠦ ᠪᠠᠲᠤᠯᠠᠨ᠎ᠠ᠃ ᠣᠶᠢᠵᠢᠭᠤᠯᠤᠯᠲᠠ ᠶᠢᠨ ᠬᠤᠭᠤᠴᠠᠭᠠᠨ ᠳᠤ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠤᠰᠬᠠᠢ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤ ᠮᠡᠷᠭᠡᠵᠢᠯ ᠤᠨ ᠵᠢᠯᠣᠭᠤᠳᠤᠯᠭ᠎ᠠ ᠬᠢᠯᠭᠡᠵᠤ᠂ ᠰᠤᠶᠤᠭ᠎ᠠ ᠮᠤᠳᠤᠨ ᠤ ᠤᠷᠭᠤᠯᠲᠠ ᠶᠢᠨ ᠨᠤᠷᠮ᠎ᠠ ᠶᠢ ᠪᠠᠲᠤᠯᠠᠨ᠎ᠠ ︵ᠶᠡᠷᠦᠩᠬᠡᠢ ᠵᠣᠬᠢᠴᠠᠭᠤᠯᠤᠭᠴᠢ᠄ ᠴᠠᠢ ᠶᠠᠨ ᠵᠢᠶᠦ᠋ᠨ 13947731960᠂ ᠵᠤᠬᠢᠴᠠᠭᠤᠯᠤᠭᠴᠢ᠄ ᠰᠤᠶᠤᠯᠪᠠᠶᠠᠷ 13947722585︶᠃       ︵ᠭᠤᠷᠪᠠ︶ ᠤᠬᠠᠭᠤᠯᠭ᠎ᠠ ᠮᠡᠳᠡᠭᠡᠯᠡᠯ ᠢᠶᠠᠨ ᠴᠢᠩᠭᠠᠳᠬᠠᠨ᠎ᠠ᠃ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢᠶᠠᠨ ᠰᠣᠩᠭᠤᠨ ᠲᠣᠭᠲᠠᠭᠠᠭᠰᠠᠨ ᠤ ᠳᠠᠷᠠᠭ᠎ᠠ ᠭᠠᠵᠠᠷ ᠵᠦᠢ ᠶᠢᠨ ᠪᠠᠶᠢᠷᠢᠰᠢᠯ ᠢᠶᠠᠨ 4 ᠰᠠᠷ᠎ᠠ ᠶᠢᠨ 7 ᠤ ᠡᠳᠦᠷ ᠠᠴᠠ ᠡᠮᠦᠨ᠎ᠡ ᠦᠦᠰᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠵᠦ᠂ ᠡᠯ᠎ᠡ ᠰᠤᠮᠤ ᠪᠠᠯᠭᠠᠰᠤ ᠠᠵᠢᠯᠯᠠᠭ᠎ᠠ ᠥᠷᠨᠢᠭᠦᠯᠬᠦ ᠬᠤᠭᠤᠴᠠᠭᠠᠨ ᠳᠠᠭᠠᠨ ᠡᠳᠦᠷ ᠪᠦᠷᠢ ᠶᠢᠨ ᠦᠳᠡ ᠶᠢᠨ ᠬᠤᠶᠢᠨ᠎ᠠ ᠶᠢᠨ 4 ᠴᠠᠭ ᠠᠴᠠ ᠡᠮᠦᠨ᠎ᠡ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠵᠦ ᠲᠤᠭ᠎ᠠ ᠪᠠᠷᠢᠮᠲᠠ᠂ ᠥᠰᠥᠭ ᠪᠢᠴᠢᠭ ᠤᠨ ᠲᠣᠳᠣᠷᠬᠠᠶᠢᠯᠠᠯᠲᠠ ᠵᠢᠴᠢ ᠬᠢᠯᠠᠰ ᠴᠡᠭ ᠤᠨ ᠬᠡᠷᠡᠯ ᠵᠢᠷᠤᠭ ᠲᠠᠢ ᠪᠠᠶᠢᠬᠤ ᠬᠡᠷᠡᠭᠲᠡᠢ᠃ ︵ᠬᠠᠷᠢᠯᠴᠠᠬᠤ ᠬᠥᠮᠥᠨ᠄ ᠭᠡᠷᠡᠯ 15934988196︶᠃       ︵ᠳᠥᠷᠪᠡ︶ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠮᠣᠳᠣ ᠳᠠᠷᠢᠵᠤ ᠣᠶᠢᠵᠢᠭᠤᠯᠬᠤ ᠬᠤᠭᠤᠴᠠᠭᠠᠨ ᠳᠤ ᠬᠤᠰᠢᠭᠤ ᠨᠠᠮ ᠵᠠᠰᠠᠭ ᠤᠨ ᠠᠯᠪᠠᠨ ᠭᠡᠷ ᠮᠣᠳᠣ ᠳᠠᠷᠢᠵᠤ ᠣᠶᠢᠵᠢᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠱᠠᠭᠠᠷᠳᠠᠨ ᠪᠠᠶᠢᠴᠠᠭᠠᠬᠤ ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠨ᠎ᠡ᠃ ᠵᠣᠬᠢᠶᠠᠨ ᠪᠠᠶᠢᠭᠤᠯᠤᠭᠰᠠᠨ ᠨᠢ ᠰᠠᠶᠢᠨ ᠪᠢᠰᠢ᠂ ᠠᠵᠢᠯᠯᠠᠭ᠎ᠠ ᠨᠢ ᠤᠳᠠᠭᠠᠨ᠂ ᠮᠡᠳᠡᠭᠦᠯᠬᠦ ᠦᠭᠡᠢ ᠪᠤᠶᠤ ᠬᠤᠳᠠᠯ ᠢᠶᠠᠷ ᠮᠡᠳᠡᠭᠦᠯᠦᠭᠰᠡᠨ᠂ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠦᠭᠰᠡᠨ ᠦᠭᠡᠢ ᠪᠠᠶᠢᠭᠤᠯᠭ᠎ᠠ ᠨᠢᠭᠡᠴᠢ ᠶᠢ ᠨᠡᠶᠢᠲᠡᠯᠡᠨ ᠰᠢᠭᠦᠮᠵᠢᠯᠡᠬᠦ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃      ︵ᠲᠠᠪᠤ︶ ᠠᠶᠤᠯᠭᠦᠢ ᠦᠢᠯᠡᠳᠪᠦᠷᠢᠯᠡᠯ ᠢ ᠰᠠᠶᠢᠲᠤᠷ ᠬᠢᠨ᠎ᠡ᠃ ᠡᠯ᠎ᠡ ᠪᠠᠶᠢᠭᠤᠯᠭ᠎ᠠ ᠨᠢᠭᠡᠴᠢ ᠨᠢ ᠲᠣᠰ ᠪᠠᠶᠢᠭᠤᠯᠭ᠎ᠠ ᠨᠢᠭᠡᠴᠢ ᠶᠢᠨ ᠢᠶᠠᠨ ᠠᠵᠢᠯᠲᠠᠨ ᠤ ᠠᠮᠤᠷ ᠲᠦᠪᠰᠢᠨ ᠢ ᠬᠠᠷᠢᠭᠤᠴᠠᠵᠤ ᠠᠯᠪᠠᠨ ᠵᠢᠷᠤᠮ ᠤᠨ ᠮᠣᠳᠣ ᠳᠠᠷᠢᠬᠤ ᠳᠤ ᠣᠷᠤᠯᠴᠠᠬᠤ ᠬᠤᠭᠤᠴᠠᠭᠠᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ ᠨᠤᠲᠤᠭ ᠪᠡᠯᠴᠢᠭᠡᠷ ᠣᠶᠢᠲᠤ ᠣᠷᠣᠨ ᠳᠤ ᠣᠷᠣᠭᠰᠠᠨ ᠤ ᠳᠠᠷᠠᠭ᠎ᠠ ᠲᠠᠮᠠᠬᠢ ᠲᠠᠲᠠᠬᠤ ᠪᠤᠶᠤ ᠢᠯᠡ ᠭᠠᠯ ᠬᠡᠷᠡᠭᠯᠡᠵᠦ ᠪᠣᠯᠬᠤ ᠦᠭᠡᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠴᠢᠩᠭ᠎ᠠ ᠰᠡᠷᠭᠡᠶᠢᠯᠡᠵᠦ ᠣᠶᠢᠵᠢᠭᠤᠯᠬᠤ ᠶᠠᠪᠤᠴᠠ ᠳᠤ ᠪᠠᠭᠠᠵᠢ ᠬᠡᠷᠡᠭᠰᠡᠯ ᠢ ᠵᠢᠷᠤᠮᠵᠢᠭᠤᠯᠤᠨ ᠬᠡᠷᠡᠭᠯᠡᠵᠦ ᠣᠶᠢᠵᠢᠭᠤᠯᠬᠤ ᠠᠵᠢᠯᠯᠠᠭ᠎ᠠ ᠯᠤᠭ᠎ᠠ ᠬᠠᠮᠢᠶ᠎ᠠ ᠦᠭᠡᠢ ᠵᠦᠢᠯᠡᠰ ᠢ ᠬᠢᠬᠦ ᠦᠭᠡᠢ ᠪᠠᠶᠢᠵᠤ᠂ ᠬᠤᠪᠢ ᠪᠡᠶ᠎ᠡ ᠶᠢᠨ ᠠᠮᠤᠷ ᠲᠦᠪᠰᠢᠨ ᠢ ᠠᠩᠬᠠᠷᠤᠨ᠎ᠠ᠃ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ