ᠮᠠᠨ ᠤ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠰᠠᠶᠢᠨ ᠡᠬᠢᠯᠡᠯᠲᠡ ᠲᠠᠢ ᠪᠠᠶᠢᠨ᠎ᠠ
ᠨᠡᠶᠢᠲᠡᠯᠡᠭᠰᠡᠨ ᠴᠠᠭ᠄
2025/4/8
      ᠮᠠᠨ ᠤ ᠬᠤᠰᠢᠭᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠰᠢᠵᠢᠷ ᠠᠯᠳᠠᠨ ᠬᠤᠭᠤᠴᠠᠭ᠎ᠠ︾ ᠶᠢ ᠠᠮᠵᠢᠵᠤ᠂ ︽ᠬᠦᠴᠦᠯᠡᠨ ᠲᠡᠮᠡᠴᠡᠬᠦ ︾ ᠪᠠᠶᠢᠳᠠᠯ ᠢᠶᠠᠷ ︽ᠰᠠᠶᠢᠨ ᠡᠬᠢᠯᠡᠯᠲᠡ ᠲᠠᠢ︾ ᠪᠠᠶᠢᠯᠭᠠᠬᠤ ᠶᠢ ᠪᠠᠶᠠᠯᠠᠭᠦᠯᠭᠦ ᠪᠠᠷ ᠬᠦᠴᠦᠯᠡᠨ ᠴᠢᠷᠮᠠᠶᠢᠵᠣ ᠪᠠᠶᠢᠨ᠎ᠠ᠃      ᠣᠶᠢᠷ᠎ᠠ ᠶᠢᠨ ᠡᠳᠦᠷ᠂ ᠶᠠᠷᠤᠩᠭᠡᠢ ᠪᠡᠯᠡ ᠣᠷᠣᠭᠤᠯᠣᠯᠲᠠ ᠨᠢ 590 ᠳ᠋ᠦᠩᠰᠢᠭᠤᠷ ᠲᠥᠭᠦᠷᠢᠭ ᠤᠨ ᠥᠪᠥᠷ ᠮᠣᠩᠭᠤᠯ ᠤᠨ ᠵᠦᠸᠧ ᠵᠧᠩ ᠨᠠᠭᠦᠷᠠᠰᠤ ᠬᠢᠮᠢ ᠶᠢᠨ ᠠᠵᠤ ᠦᠢᠯᠡᠳᠪᠦᠷᠢ ᠨᠢ ᠠᠵᠢᠯ ᠢᠶᠠᠨ ᠰᠡᠷᠭᠦᠭᠡᠬᠦ ᠪᠠᠴᠢᠮ ᠪᠠᠶᠢᠳᠠᠯ ᠳᠤ ᠪᠠᠨ ᠣᠷᠣᠵᠣ᠂ 13 ᠢᠵᠢ ᠲᠥᠬᠦᠭᠡᠷᠦᠮᠵᠢ ᠵᠡᠷᠭᠡ ᠪᠠᠷ ᠠᠵᠢᠯᠯᠠᠵᠤ᠂ ᠮᠢᠩᠭ᠎ᠠ ᠰᠢᠬᠠᠮ ᠠᠵᠢᠯᠴᠢᠨ ᠮᠠᠰᠢᠨ ᠮᠧᠬᠠᠨᠢᠭ ᠲᠠᠢ ᠬᠠᠮᠳᠤ ᠠᠵᠢᠯ ᠳᠤ ᠪᠠᠨ ᠭᠠᠷᠤᠯ᠎ᠠ ᠃       ᠥᠪᠥᠷ ᠮᠣᠩᠭᠤᠯ ᠤᠨ ᠵᠦᠸᠧ ᠵᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ 231 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠵᠢᠱᠢᠵᠦ᠂ ᠣᠣᠯ ᠤᠨ ᠵᠢᠯ ᠳᠤ 120 ᠲᠦᠮᠡᠨ ᠲᠣᠨ ᠤ ᠮᠧᠲ᠋ᠢᠯ ᠠᠯᠺᠣᠣᠯ ᠪᠠ 100 ᠲᠦᠮᠡᠨ ᠲᠣᠨ  ᠤ ᠼᠤᠤ ᠬᠦᠴᠢᠯ ᠦᠢᠯᠡᠳᠪᠦᠷᠢᠯᠡᠬᠦ ᠲᠥᠷᠥᠯ ᠵᠦᠢᠯ ᠤᠨ ᠰᠠᠭᠤᠷᠢᠨ ᠳᠡᠭᠡᠷ᠎ᠡ᠂ ᠨᠡᠭᠦᠷᠡᠰᠦ ᠶᠢ ᠴᠢᠨᠠᠷ ᠬᠤᠪᠢᠶᠠᠨ ᠲᠠᠰ ᠬᠤᠪᠢᠶᠠᠨ ᠥᠨᠳᠥᠷ ᠪᠦᠲᠦᠮᠵᠢᠲᠡᠶ ᠠᠷᠢᠭᠤᠨ ᠴᠡᠪᠡᠷ ᠠᠰᠢᠭᠯᠠᠬᠤ ᠪᠠ ᠮᠧᠲ᠋ᠢᠯ ᠠᠯᠺᠣᠣᠯ᠂ ᠼᠤᠤ ᠬᠦᠴᠢᠯ ᠤᠨ ᠭᠡᠯᠭᠢᠶᠠᠵᠢᠯ ᠢ ᠤᠷᠳᠤᠳᠬᠠᠨ ᠭᠡᠯᠭᠢᠶᠠᠵᠢᠯ ᠢ ᠨᠥᠭᠦᠪᠤᠷᠢᠯᠠᠵᠤ ᠦᠢᠯᠡᠳᠬᠦᠨ ᠢ ᠥᠨᠳᠥᠷ ᠥᠷᠳᠡᠭᠵᠢᠭᠦᠯᠭᠦ ᠬᠢᠮᠢ ᠶᠢᠨ ᠤᠷᠠᠯᠠᠯ ᠤᠨ ᠮᠡᠷᠭᠡᠵᠢᠯ ᠲᠠᠢ ᠤᠶᠠᠯᠳᠤᠭᠤᠯᠤᠨ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠲᠠᠢ ᠡᠪᠴᠡᠯᠳᠠᠭᠦᠯᠵᠤ᠂ ᠼᠤᠤ ᠬᠦᠴᠢᠯ᠂ ᠪᠥᠭᠡᠭᠡᠨᠡᠷᠡᠯ ᠡᠲ᠋ᠢᠯ ᠠᠯᠺᠣᠣᠯ ᠬᠦᠴᠢᠯ᠂ ᠪᠥᠭᠡᠭᠡᠨᠡᠷᠡᠯ ᠮᠧᠲ᠋ᠢᠯ ᠠᠯᠳᠧᠭᠢᠳ᠋ ᠵᠡᠷᠭᠡ 30 ᠭᠠᠷᠤᠢ ᠵᠦᠢᠯ ᠤᠨ ᠭᠤᠣᠯ ᠳᠠᠭᠠᠯᠲᠠ ᠪᠦᠲᠦᠭᠡᠭᠳᠡᠬᠦᠨ ᠢ ᠲᠥᠯᠥᠪᠵᠢᠭᠦᠯᠦᠨ ᠦᠢᠯᠡᠳᠪᠦᠷᠢᠯᠡᠬᠦ ᠪᠤᠯᠤᠨ᠎ᠠ᠃ 2025 ᠣᠨ ᠪᠤᠯ ᠲᠤᠰ ᠲᠥᠷᠤᠯ ᠵᠥᠢᠯ ᠤᠨ ᠵᠠᠩᠭᠢᠯᠠᠭ᠎ᠠ ᠶᠢᠨ ᠨᠢᠭᠡ ᠵᠢᠯ ᠪᠠᠶᠢᠵᠤ ᠰᠢᠪᠠᠷ ᠰᠢᠷᠣᠢ ᠶᠢᠨ ᠪᠠᠷᠢᠯᠭ᠎ᠠ ᠶᠢᠨ ᠠᠵᠢᠯ᠂ ᠪᠣᠷᠣ ᠲᠥᠯᠥᠪ ᠤᠨ ᠤᠭᠰᠠᠷᠠᠯᠲᠠ᠂ ᠲᠣᠨᠤᠭ ᠲᠥᠬᠦᠭᠡᠷᠦᠮᠵᠢ ᠶᠢ ᠤᠭᠰᠠᠷᠠᠬᠤ ᠵᠡᠷᠭᠡ ᠠᠵᠢᠯ ᠢ ᠭᠤᠣᠯᠳᠠᠯᠭ᠎ᠠ ᠲᠠᠢ ᠪᠡᠶᠡᠯᠡᠭᠦᠯᠵᠦ᠂ ᠡᠨᠡ ᠵᠢᠯ ᠤᠨ ᠡᠴᠦᠰ ᠲᠤ ᠰᠢᠪᠠᠷ ᠰᠢᠷᠣᠢ ᠶᠢᠨ ᠪᠠᠷᠢᠯᠭ᠎ᠠ ᠶᠢᠨ ᠠᠵᠢᠯ ᠢ ᠦᠨᠳᠦᠰᠦᠨ ᠳᠡᠭᠡᠨ ᠳᠠᠭᠤᠰᠬᠠᠵᠤ᠂ ᠬᠡᠰᠡᠭ ᠲᠥᠷᠥᠯ ᠵᠦᠢᠯ ᠢ ᠤᠭᠰᠠᠷᠠᠬᠤ ᠱᠠᠲᠤᠨ ᠳᠤ ᠤᠷᠤᠭᠤᠯᠵᠤ᠂ ᠪᠥᠬᠦ ᠵᠢᠯ ᠤᠨ ᠪᠡᠯᠡ ᠣᠷᠣᠭᠤᠯᠤᠯᠲᠠ ᠶᠢ 70 ᠳ᠋ᠦᠩᠰᠢᠭᠤᠷ ᠲᠥᠭᠦᠷᠢᠭ ᠢ ᠳᠠᠪᠠᠭ᠋ᠤ ᠪᠠᠷ ᠲᠦᠯᠦᠪᠯᠡᠵᠣ ᠪᠣᠢ᠃ ᠲᠣᠰ ᠠᠵᠤ ᠠᠬᠤᠶᠢᠯᠠᠯ ᠨᠢ ᠲᠥᠷᠥᠯ ᠵᠦᠢᠯ ᠤᠨ ᠥᠮᠴᠢᠲᠡᠨ ᠪᠣᠯᠤᠭᠰᠠᠨ ᠤ ᠬᠤᠪᠢ ᠳᠤ᠂ ᠡᠯ᠎ᠡ ᠪᠠᠷᠢᠯᠭ᠎ᠠ ᠶᠢᠨ ᠠᠵᠤ ᠠᠬᠤᠶᠢᠯᠠᠯ ᠳᠤ ᠤᠰᠤ᠂ ᠴᠠᠬᠢᠯᠭᠠᠨ᠂ ᠵᠠᠮ᠂ ᠮᠡᠳᠡᠭᠡ ᠵᠠᠩᠭᠢ ᠵᠡᠷᠭᠡ ᠲᠠᠯ᠎ᠠ ᠶᠢᠨ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠬᠠᠩᠭᠠᠬᠤ ᠶᠢᠨ ᠬᠠᠮᠲᠤ ᠪᠠᠰᠠ ᠠᠵᠢᠯᠲᠠᠨ ᠠᠵᠢᠯᠴᠢᠨ ᠤ ᠠᠵᠢᠯ ᠳᠤ ᠣᠷᠣᠬᠤ ᠪᠤᠯᠪᠠᠰᠤᠷᠠᠯ ᠭᠢᠭᠦ᠂ ᠲᠠᠩᠰᠠ ᠡᠪᠬᠡᠮᠡᠯ ᠳᠠᠩᠰᠠᠯᠠᠭᠤᠯᠬᠤ᠂ ᠪᠠᠲᠤᠯᠠᠭ᠎ᠠ ᠶᠢᠨ ᠮᠥᠩᠭᠦ ᠲᠤᠰᠢᠶᠠᠬᠤ ᠵᠡᠷᠭᠡ ᠲᠠᠯ᠎ᠠ ᠪᠠᠷ ᠡᠯ᠎ᠡ ᠪᠠᠷᠢᠯᠭ᠎ᠠ ᠶᠢᠨ ᠠᠵᠤ ᠠᠬᠤᠶᠢᠯᠠᠯ ᠤᠨ ᠠᠵᠢᠯᠴᠢᠨ ᠤ ᠬᠠᠮᠢᠶᠠᠷᠤᠯᠲᠠ ᠶᠢ ᠴᠢᠩᠭᠠᠳᠬᠠᠬᠤ ᠶᠢ ᠱᠠᠭᠠᠷᠳᠠᠵᠤ᠂ ᠲᠥᠷᠥᠯ ᠵᠦᠢᠯ ᠤᠨ ᠪᠦᠬᠦᠯᠢ ᠴᠣᠭᠴᠠ ᠪᠠᠷ ᠢᠶᠠᠨ ᠲᠣᠭᠲᠠᠭᠰᠠᠨ ᠬᠤᠭᠤᠴᠠᠭᠠᠨ ᠳᠠᠭᠠᠨ ᠶᠠᠪᠤᠭᠳᠠᠬᠤ ᠶᠢ ᠪᠠᠳᠤᠯᠠᠬᠤ ᠪᠤᠯᠤᠨ᠎ᠠ᠃       ᠡᠭᠦᠨ ᠲᠠᠢ ᠵᠡᠷᠭᠡ ᠪᠠᠷ᠂ ᠶᠡᠷᠦᠩᠬᠡᠢ ᠪᠡᠯᠡ ᠣᠷᠣᠭᠤᠯᠤᠯᠲᠠ ᠨᠢ 96.32 ᠳ᠋ᠦᠩᠰᠢᠭᠤᠷ ᠲᠥᠭᠦᠷᠢᠭ ᠤᠨ ᠲᠤᠭᠤᠭᠠᠳᠤ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠᠰᠠ ᠠᠬᠢᠴᠠ ᠶᠢᠨ ᠢᠶᠠᠨ ᠬᠠᠭᠠᠰ ᠢ ᠲᠠᠪᠠᠭᠰᠠᠨ ᠪᠠᠶᠢᠨ᠎ᠠ᠃        ᠣᠷᠳᠣᠰ ᠬᠤᠳᠠ ᠶᠢᠨ ᠴᠧᠩ ᠳ᠋ᠡ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠲᠤᠭᠤᠭᠠᠳᠤ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠮᠡᠷᠭᠡᠵᠢᠯ ᠤᠨ ᠬᠡᠯᠲᠡᠰ ᠤᠨ ᠬᠠᠷᠢᠭᠤᠴᠠᠯᠭᠠᠳᠠᠨ ᠶᠠᠷᠢᠬᠤ ᠳᠤ ᠪᠠᠨ᠄ ︽ᠣᠳᠣᠬᠠᠨ ᠳᠤ ᠭᠤᠣᠯ ᠬᠤᠳᠳᠤᠭ ᠤᠨ ᠰᠤᠪᠤᠷᠭ᠎ᠠ ᠶᠢᠨ ᠭᠤᠯᠭᠤᠭᠤᠷ ᠪᠦᠷᠬᠦᠪᠴᠢ ᠶᠢ ᠨᠢᠭᠡᠨᠲᠡ ᠤᠭᠰᠠᠷᠠᠵᠤ᠂ ᠪᠠᠷᠤᠭ 4 ᠰᠠᠷ᠎ᠠ ᠶᠢᠨ ᠡᠬᠢ ᠪᠠᠷ ᠰᠠᠯᠭᠢ ᠨᠠᠪᠳᠠᠷᠠᠭᠦ ᠬᠤᠳᠳᠤᠭ ᠢ ᠦᠭᠡᠷᠡᠴᠢᠯᠡᠬᠦ ᠢᠨᠵᠧᠨᠧᠷᠢᠩ ᠢ ᠶᠠᠪᠤᠭᠳᠠᠭᠤᠯᠵᠤ᠂ ᠦᠭᠡᠷᠡᠴᠢᠯᠡᠵᠤ ᠪᠠᠷᠠᠭᠰᠠᠨ ᠤ ᠳᠠᠷᠠᠭ᠎ᠠ ᠠᠭᠤᠷᠬᠠᠢ ᠶᠢᠨ ᠬᠤᠳᠳᠤᠭ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠶᠡᠭᠡ ᠪᠠᠷ ᠳᠡᠭᠡᠭᠰᠢᠯᠡᠭᠦᠯᠬᠦ ᠪᠣᠯᠣᠨ᠎ᠠ︾ ᠭᠡᠯ᠎ᠠ᠃      ᠮᠠᠨ ᠤ ᠬᠤᠰᠢᠭᠤ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠤᠨ ︽ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ︾  ᠶᠢᠨ ᠲᠤᠭᠳᠠᠯᠴᠠᠭ᠎ᠠ ᠶᠢ ᠰᠢᠨ᠎ᠡ ᠪᠠᠷ ᠡᠭᠦᠳᠴᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠤᠨ ᠬᠤᠷᠳᠤᠴᠠ ᠶᠢ ᠠᠭᠢᠭᠤᠯᠵᠤ ᠭᠤᠣᠯᠳᠠᠯᠭ᠎ᠠ ᠲᠠᠢ ᠲᠥᠷᠥᠯ ᠵᠦᠢᠯ ᠤᠨ ᠦᠢᠯᠡᠴᠢᠯᠡᠭᠡᠨ ᠤ ᠲᠤᠰᠬᠠᠢ ᠠᠩᠭᠢ ᠶᠢ ᠪᠠᠶᠢᠭᠤᠯᠵᠤ ︽ᠤᠳᠤᠷᠢᠳᠤᠯᠭ᠎ᠠ ᠳᠠᠭᠠᠭᠠᠴᠢᠯᠠᠨ ᠬᠤᠯᠪᠤᠭᠠᠯᠠᠬᠤ + ᠰᠠᠯᠠᠭ᠎ᠠ ᠮᠥᠴᠢᠷ ᠠᠩᠬᠠᠷᠤᠨ ᠭᠥᠢᠴᠡᠳᠭᠡᠭᠦ + ᠲᠤᠰᠬᠠᠢ ᠠᠵᠢᠯᠲᠠᠨ ᠤᠴᠢᠵᠤ ᠰᠠᠭᠤᠬᠤ︾ ᠦᠢᠯᠡᠴᠢᠯᠡᠭᠡᠨ ᠤ ᠲᠤᠭᠳᠠᠯᠴᠠᠭ᠎ᠠ ᠶᠢ ᠬᠡᠷᠡᠭᠵᠢᠭᠦᠯᠦᠨ  ᠤᠰᠤ ᠴᠠᠬᠢᠯᠭᠠᠨ ᠢᠵᠢ ᠪᠦᠷᠢᠳᠦᠭᠰᠡᠨ ᠰᠠᠭᠠᠳ ᠦᠭᠡᠢ ᠨᠡᠪᠲᠡᠷᠡᠬᠦ ᠵᠠᠮ ᠢ ᠨᠠᠭᠡᠭᠡᠵᠤ᠂ ᠬᠥᠯᠥᠰᠦᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠪᠠ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠠᠵᠢᠯ ᠡᠬᠢᠯᠡᠭᠦᠯᠬᠦ ᠶᠢᠨ ᠤᠷᠢᠳᠠᠴᠢ ᠨᠥᠬᠦᠴᠡᠯ ᠳᠤ ᠣᠷᠣᠭᠤᠯᠬᠤ ᠶᠢ ᠴᠢᠩᠭ᠎ᠠ ᠠᠳᠬᠤᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ ᠴᠠᠯᠢᠩ ᠥᠷᠢᠲᠦᠬᠦ ᠦᠭᠡᠢ ᠪᠠᠶᠢᠬᠤ ᠶᠢ ᠪᠠᠳᠤᠯᠠᠭᠰᠠᠨ ᠪᠠᠶᠢᠨ᠎ᠠ᠃ ᠡᠭᠦᠨ ᠤ ᠬᠠᠮᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠡᠯᠬᠢᠶᠡᠵᠢᠯ ᠢ ᠤᠷᠲᠤᠳᠬᠠᠬᠤ ᠲᠦᠷᠦᠯ ᠵᠦᠢᠯ ᠳᠤ 10% ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠨᠥᠬᠦᠪᠦᠷᠢ ᠥᠭᠴᠦ ᠠᠵᠤ ᠠᠬᠤᠶᠢᠯᠠᠯ ᠤᠨ ᠭᠡᠷᠡᠯ ᠴᠡᠨᠡᠭ ᠢᠶᠠᠷ ᠤᠰᠤᠲᠥ᠋ᠷᠥᠭᠴᠢ ᠶᠢ ᠦᠢᠯᠡᠳᠬᠦ᠂ ᠨᠡᠭᠦᠷᠡᠰᠦᠲᠥ᠋ᠷᠥᠭᠴᠢ ᠶᠢ ᠬᠤᠷᠢᠶᠠᠵᠤ ᠴᠤᠭᠯᠠᠭᠤᠯᠬᠤ ᠵᠡᠷᠭᠡ ᠪᠣᠬᠢᠷᠲᠤᠯ ᠦᠭᠡᠢ ᠮᠡᠷᠭᠡᠵᠢᠯ ᠢ ᠭᠡᠷᠡᠭᠯᠡᠭᠦ ᠶᠢ ᠬᠥᠲᠥᠯᠥᠨ ᠵᠢᠯᠤᠭᠤᠳᠴᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ ᠢ ᠬᠦᠴᠦᠯᠡᠨ ᠪᠠᠶᠢᠭᠤᠯᠤᠭᠰᠠᠨ ᠪᠠᠶᠢᠨ᠎ᠠ᠃ ᠲᠦᠷᠦ ᠶᠢᠨ ᠪᠣᠳᠣᠯᠭ᠎ᠠ ᠪᠣᠯᠣᠨ ᠦᠢᠯᠡᠴᠢᠯᠡᠭᠡᠨ ᠤ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ ᠪᠠᠷ ᠲᠠᠮᠵᠢᠭᠤᠯᠤᠨ ᠮᠢᠩᠭᠠᠨ ᠳ᠋ᠦᠩᠰᠢᠭᠤᠷ ᠲᠡᠰ ᠤᠨ ᠠᠵᠤ ᠦᠢᠯᠡᠰ ᠤᠨ ᠰᠥᠷᠥᠭᠵᠢᠯ ᠢ ᠪᠦᠬᠦ ᠬᠦᠴᠦᠨ ᠢᠶᠠᠷ ᠢᠶᠠᠨ ᠬᠦᠭᠵᠢᠬᠦᠯᠵᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠠᠮᠠᠷᠢᠯᠡᠭᠰᠠᠨ ᠪᠠᠶᠢᠨ᠎ᠠ᠃       2025 ᠣᠨ ᠳᠤ᠂ ᠮᠠᠨ ᠤ ᠬᠤᠰᠢᠭᠤᠨ ᠤ ᠬᠤᠲᠠ ᠶᠢᠨ ᠱᠠᠳᠤᠨ ᠤ ᠲᠤᠭᠢᠷᠠᠭᠤᠯᠤᠯᠳᠠ ᠳᠤ ᠤᠷᠤᠭᠰᠠᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠨᠡᠶᠢᠲᠡ 33  ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1512.5 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ 25 ᠲᠥᠷᠥᠯ ᠵᠦᠢᠯ ᠥᠢᠯᠡᠳᠪᠤᠷᠢᠯᠠᠯ ᠢᠶᠠᠨ ᠰᠠᠷᠭᠦᠭᠡᠨ ᠠᠵᠢᠯ ᠢᠶᠠᠨ ᠡᠬᠢᠯᠡᠭᠦᠯᠵᠦ ᠨᠢᠭᠡᠳᠦᠭᠡᠷ ᠤᠯᠠᠷᠢᠯ ᠳᠤ 29.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠂ ᠣᠳᠣᠬᠠᠨ ᠳᠤ ᠨᠢᠭᠡᠨᠲᠡ ᠥᠢᠯᠡᠳᠪᠤᠷᠢᠯᠠᠯ ᠢᠶᠠᠨ ᠰᠠᠷᠭᠦᠭᠡᠨ ᠠᠵᠢᠯ ᠢᠶᠠᠨ ᠡᠬᠢᠯᠡᠭᠦᠯᠦᠭᠰᠡᠨ ᠲᠥᠷᠥᠯ ᠵᠦᠢᠯ ᠤᠨ ᠠᠭᠢᠴᠠ ᠰᠠᠶᠢᠨ ᠪᠠᠶᠢᠵᠤ᠂ 3 ᠰᠠᠷ᠎ᠠ ᠶᠢᠨ ᠡᠬᠢ ᠪᠣᠯᠲᠠᠯ᠎ᠠ᠂ ᠮᠠᠨ ᠤ ᠬᠤᠰᠢᠭᠤᠨ ᠤ 18 ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠬᠢᠨᠠᠨ ᠵᠥᠪᠰᠢᠶᠡᠷᠡᠬᠦ ᠭᠠᠷᠳᠠᠮ ᠢ ᠨᠢᠭᠡᠨᠲᠡ 182 ᠢ ᠭᠦᠢᠴᠡᠳᠬᠡᠵᠦ ᠳᠠᠭᠤᠰᠬᠠᠭᠠᠳ ᠭᠥᠢᠴᠡᠳᠭᠡᠭᠰᠠᠨ ᠨᠣᠷᠮ᠎ᠠ 91.9% ᠳᠤ ᠭᠥᠷᠴᠤ ︽ᠬᠠᠪᠤᠷ ᠲᠠᠷᠤᠶᠢᠬᠠᠨ ᠠᠵᠢᠯ ᠢᠶᠠᠨ ᠡᠬᠢᠯᠡᠭᠦᠯᠵᠦ᠂ ᠠᠵᠢᠯ ᠢᠶᠠᠨ ᠡᠬᠢᠯᠡᠭᠦᠯᠪᠡᠯ ᠰᠢᠪᠲᠤᠯᠤᠯᠲᠠ ᠬᠢᠬᠦ︾ ᠪᠠᠷ ᠴᠢᠷᠮᠠᠶᠢᠵᠣ ᠪᠠᠶᠢᠨ᠎ᠠ᠃                                ᠰᠤᠷᠪᠤᠯᠵᠢᠯᠠᠭᠴᠢ᠄ ᠲᠠᠨ᠎ᠠ᠂ ᠸᠠᠩ ᠴᠢ᠂ ᠢᠦᠢ ᠵᠢᠶᠧ ᠮᠧᠩ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ