5 ᠰᠠᠷ᠎ᠠ ᠶᠢᠨ 12 ᠤᠨ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠰᠤᠪᠢᠯᠠᠭᠴᠢᠳ ᠤᠨ ᠮᠡᠳᠡᠯᠭᠡ ᠶᠢᠨ | ᠤᠷᠤᠯᠳᠤᠭᠠᠨ ᠢ ᠥᠷᠨᠢᠭᠦᠯᠤᠨ᠂ 114 ᠳᠠᠬᠢ ︽5 · 12︾ ᠤᠨ ᠲᠡᠯᠡᠭᠡᠢ ᠶᠢᠨ ᠰᠤᠪᠢᠯᠠᠭᠴᠢ ᠶᠢᠨ ᠪᠠᠶᠠᠷ ᠤᠨ ᠡᠳᠦᠷ ᠢ ᠣᠳᠬ᠎ᠠ ᠲᠡᠭᠦᠯᠳᠡᠷ | ᠲᠡᠮᠳᠡᠭᠯᠠᠯᠠ᠃ | | | | | ᠠᠵᠢᠯᠯᠠᠭ᠎ᠠ ᠳᠤ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠬᠤᠰᠢᠭᠤᠨ ᠤ ᠰᠣᠪᠢᠯᠠᠭᠴᠢᠳ ᠲᠤ ᠪᠠᠶᠠᠷ ᠤᠨ ᠡᠳᠦᠷ ᠤᠨ | ᠮᠡᠨᠳᠦᠴᠢᠯᠡᠯ ᠬᠦᠷᠭᠡᠵᠦ᠂ ᠲᠡᠳᠡᠨ ᠤ ᠣᠷᠳᠣ ᠬᠤᠭᠤᠴᠠᠭᠠᠨ ᠤ ᠲᠤᠷᠰᠢ ᠠᠷᠠᠳ ᠲᠦᠮᠡᠨ ᠤ ᠡᠷᠡᠭᠦᠯ ᠮᠡᠨᠳᠦ ᠶᠢ ᠪᠠᠳᠤᠯᠠᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠰᠢᠷᠭᠠᠭᠤ ᠬᠠᠲᠠᠭᠤᠵᠢᠯᠲᠠᠢ ᠬᠤᠪᠢ ᠨᠡᠮᠡᠷᠢ ᠶᠢ ᠬᠦᠨᠳᠦᠳᠬᠡᠨ ᠮᠡᠳᠡᠷᠡᠬᠦ ᠶᠢᠨ ᠬᠠᠮᠲᠤ | ᠰᠤᠪᠢᠯᠠᠭᠴᠢᠳ ᠢ ᠨᠠᠩ ᠨᠠᠷᠢᠯᠢᠭ ᠮᠡᠷᠭᠡᠵᠢᠯ᠂ ᠨᠠᠩ ᠰᠢᠯᠢᠳᠡᠭ ᠦᠢᠯᠡᠴᠢᠯᠡᠭᠡ ᠪᠠᠷ ᠲᠤᠬᠠᠶᠢᠯᠠᠭᠰᠠᠨ ᠠᠵᠢᠯ ᠤᠨ ᠡᠭᠦᠷᠭᠡ ᠪᠠᠨ ᠦᠢᠯᠡᠳᠦᠯᠭᠡᠵᠢᠭᠦᠯᠬᠦ ᠶᠢ | ᠵᠣᠷᠢᠭᠵᠢᠭᠤᠯᠣᠭᠰᠠᠨ ᠪᠠᠶᠢᠨ᠎ᠠ᠃ | ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠳᠤ ᠬᠤᠪᠢ ᠬᠥᠮᠥᠨ ᠪᠠ ᠬᠠᠮᠲᠣ ᠨᠠᠶᠢᠳᠠ ᠶᠢᠨ ᠤᠷᠤᠯᠳᠤᠭᠠᠨ ᠢ ᠲᠣᠬᠢᠷᠠᠭᠤᠯᠵᠤ᠂ ᠪᠥᠬᠦ | ᠬᠤᠰᠢᠭᠤᠨ ᠤ 17 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ 196 ᠰᠤᠪᠢᠯᠠᠭᠴᠢ ᠣᠷᠣᠯᠴᠠᠵᠠᠢ᠃ ᠤᠷᠤᠯᠳᠤᠭᠠᠨ ᠨᠢ ᠡᠮᠴᠢᠯᠡᠭᠡᠨ ᠤ | ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠠᠭᠤᠷᠢ ᠰᠤᠪᠢᠯᠠᠯᠲᠠ ᠶᠢᠨ ᠣᠨᠣᠯ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠯᠭ᠎ᠠ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠵᠡᠷᠭᠡ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠭᠰᠠᠨ | ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠳ ᠲᠤᠰᠬᠠᠢ ᠮᠡᠷᠭᠡᠵᠢᠯ ᠤᠨ ᠪᠣᠯᠪᠠᠰᠤᠷᠠᠯ ᠢᠶᠠᠷ ᠢᠶᠠᠨ ᠪᠥᠬᠦ ᠬᠤᠰᠢᠭᠤᠨ ᠤ ᠰᠤᠪᠢᠯᠠᠭᠴᠢ ᠶᠢᠨ ᠡᠩᠨᠡᠭᠡ ᠶᠢᠨ ︽ | ᠠᠳᠠᠯᠢᠳᠬᠠᠬᠤ᠂ ᠰᠤᠷᠬᠤ᠂ ᠬᠥᠭᠡᠭᠡᠵᠦ ᠭᠦᠢᠴᠡᠬᠦ᠂ ᠳᠠᠪᠠᠵᠤ ᠭᠠᠷᠬᠤ︾ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ ᠬᠠᠮᠤᠭ | ᠡᠴᠦᠰ ᠲᠤ᠂ ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠲᠥᠯᠥᠭᠡᠯᠡᠭᠴᠢᠳ ᠤᠨ ᠪᠦᠯᠬᠦᠮ ᠬᠠᠮᠳᠤ ᠨᠠᠶᠢᠳᠠ ᠶᠢᠨ | ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠮᠠ ᠼᠠᠢ ᠶᠠᠨ᠂ ᠯᠢ ᠷᠦᠢ᠂ ᠯᠢ ᠹᠧᠢ ᠵᠡᠷᠭᠡ 50 ᠰᠤᠪᠢᠯᠠᠭᠴᠢ ᠲᠣᠰ ᠲᠣᠰ ᠬᠤᠪᠢ ᠬᠥᠮᠥᠨ ᠤ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠬᠦᠷᠳᠡᠭᠰᠡᠨ ᠪᠠᠶᠢᠨ᠎ᠠ᠃ | ᠠᠵᠢᠯᠯᠠᠭᠠᠨ ᠤ ᠡᠴᠦᠰ ᠲᠤ᠂ ᠬᠤᠰᠢᠭᠤ ᠡᠷᠡᠭᠦᠯ ᠮᠡᠨᠳᠦ ᠡᠷᠡᠭᠦᠯ ᠬᠠᠮᠠᠭᠠᠯᠠᠯ ᠤᠨ ᠵᠥᠪᠯᠡᠯ ᠠᠴᠠ᠂ ᠬᠤᠷᠢᠨ ᠵᠢᠯ ᠠᠵᠢᠯᠯᠠᠭᠰᠠᠨ 26 | ᠰᠤᠪᠢᠯᠠᠭᠴᠢ ᠶᠢᠨ ᠲᠥᠯᠥᠭᠡᠯᠡᠭᠴᠢ ᠶᠢ ᠲᠤᠬᠠᠢ ᠶᠢᠨ ᠲᠠᠯᠠᠪᠠᠢ ᠳᠤ ᠲᠣᠬᠤᠨᠢᠭᠤᠯᠤᠭᠰᠠᠨ ᠪᠥᠭᠡᠳ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠤ ᠣᠯᠠᠨ | ᠵᠢᠯ ᠤᠨ ᠲᠤᠷᠰᠢ ᠠᠵᠢᠯ ᠤᠨ ᠪᠠᠶᠢᠷᠢ ᠪᠠᠨ ᠪᠠᠲᠤ ᠰᠠᠬᠢᠵᠤ ᠬᠠᠷᠠᠮ ᠦᠭᠡᠢ ᠵᠢᠳᠬᠦᠭᠰᠡᠨ ᠵᠣᠷᠢᠭ ᠰᠠᠨᠠᠭ᠎ᠠ ᠳᠤ ᠬᠦᠨᠳᠦᠳᠬᠡᠯ ᠳᠡᠪᠰᠢᠭᠦᠯᠪᠡ᠃ ᠲᠣᠰ | ᠤᠳᠠᠭᠠᠨ ᠤ ᠠᠵᠢᠯᠯᠠᠭ᠎ᠠ ᠨᠢ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠵᠤ᠂ ᠰᠤᠪᠢᠯᠠᠭᠴᠢ ᠶᠢᠨ | ᠪᠠᠶᠠᠷ ᠢ ᠪᠡᠯᠭᠡᠯᠡᠬᠦ ᠬᠡᠯᠪᠡᠷᠢ ᠶᠢ ᠪᠠᠶᠠᠯᠢᠭᠵᠢᠭᠤᠯᠤᠭᠰᠠᠨ ᠮᠥᠷᠲᠡᠭᠡᠨ ᠪᠥᠬᠦ ᠬᠤᠰᠢᠭᠤᠨ ᠤ ᠰᠤᠪᠢᠯᠠᠭᠴᠢ ᠶᠢᠨ ᠰᠤᠷᠤᠯᠴᠠᠬᠤ ᠤᠷᠮ᠎ᠠ ᠶᠢ ᠭᠥᠭᠵᠢᠭᠡᠭᠰᠠᠨ ᠪᠠᠶᠢᠨ᠎ᠠ᠃ | | ᠦᠦᠰᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠲᠤᠰ ᠤᠳᠠᠭ᠎ᠠ ᠶᠢᠨ ᠤᠷᠤᠯᠳᠤᠭᠠᠨ ᠢᠶᠠᠷ ᠠᠵᠠ ᠲᠣᠬᠢᠶᠠᠯ | ᠪᠣᠯᠭᠠᠵᠤ ᠰᠤᠪᠢᠯᠠᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠤᠨ ᠠᠷᠠᠳ | ᠤᠯᠠᠨ ᠳᠤ ᠨᠡᠩ ᠠᠮᠤᠷ ᠲᠦᠪᠰᠢᠨ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠰᠤᠪᠢᠯᠠᠯᠲᠠ ᠶᠢᠨ ᠦᠢᠯᠡᠴᠢᠯᠡᠭᠡ ᠬᠠᠩᠭᠠᠬᠤ ᠪᠠᠷ ᠪᠠᠶᠢᠨ᠎ᠠ᠃ | | | ᠰᠣᠷᠪᠣᠯᠵᠢᠯᠠᠭᠴᠢ᠄ ᠲᠠᠨ᠎ᠠ᠂ ᠵᠠᠩ ᠵᠢᠩ ᠵᠢᠩ |